ᠬᠤᠰᠢᠭᠤᠨ ᠤ ᠠᠷᠠᠳ ᠤᠨ ᠲᠦ᠋ᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠮᠸᠩ ᠰᠢᠶᠠᠨ ᠳ᠋ᠦ᠋ᠩ ᠱᠦ᠋ᠵᠢ ᠶᠢᠨ ᠪᠦᠬᠦ ᠬᠤᠳ᠋ᠠ ᠶᠢᠨ ᠰᠢᠨ᠎ᠠ ᠴᠠᠭ ᠥᠶ᠎ᠠ ᠶᠢᠨ ᠪᠤᠯᠪᠠᠰᠤᠨ ᠤ ᠦᠢᠯᠡᠳ᠋ᠦᠯᠭᠡ ᠶᠢᠨ ᠲᠥᠪ ᠦᠨ ᠪᠠᠢ᠌ᠭᠤᠯᠤᠯᠳ᠋ᠠ ᠶᠢᠨ ᠠᠵᠢᠯ ᠤᠨ ᠮᠡᠳ᠋ᠡᠭᠦᠯᠦᠯᠳ᠋ᠡ ᠶᠢᠨ ᠲᠤᠬᠠᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠲᠦ᠋ᠪᠯᠡᠷᠡᠭᠦᠯᠦᠨ ᠰᠤᠷᠤᠯᠴᠠᠪᠠ

6 ᠰᠠᠷ᠎ᠠ ᠶᠢᠨ 9 ᠦ ᠡᠳ᠋ᠦᠷ ᠦᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠺᠠᠳ᠋ᠷ ᠠᠵᠢᠯᠳ᠋ᠡᠳ ᠢ ᠵᠤᠬᠢᠶᠠᠨ ᠪᠠᠢ᠌ᠭᠤᠯᠵᠦ ᠮᠸᠩ ᠰᠢᠶᠠᠨ ᠳ᠋ᠦ᠋ᠩ ᠱᠦ᠋ᠵᠢ ᠶᠢᠨ ᠪᠦᠬᠦ ᠬᠤᠳ᠋ᠠ ᠶᠢᠨ ᠰᠢᠨ᠎ᠠ ᠴᠠᠭ ᠥᠶ᠎ᠠ ᠶᠢᠨ ᠪᠤᠯᠪᠠᠰᠤᠨ ᠤ ᠦᠢᠯᠡᠳ᠋ᠦᠯᠭᠡ ᠶᠢᠨ ᠲᠥᠪ ᠦᠨ ᠪᠠᠢ᠌ᠭᠤᠯᠤᠯᠳ᠋ᠠ ᠶᠢᠨ ᠠᠵᠢᠯ ᠤᠨ ᠮᠡᠳ᠋ᠡᠭᠦᠯᠦᠯᠳ᠋ᠡ ᠶᠢᠨ ᠲᠤᠬᠠᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠲᠦ᠋ᠪᠯᠡᠷᠡᠭᠦᠯᠦᠨ ᠰᠤᠷᠤᠯᠴᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠨ᠂ ᠲᠡᠳ᠋ ᠡᠷᠬᠢᠯᠡᠭ᠍ᠴᠢ ᠪᠣᠤ ᠯᠦ᠋ᠩ ᠬᠤᠷᠠᠯ ᠳᠤ ᠰᠠᠭᠠᠲᠠᠪᠠ᠃
ᠬᠤᠷᠠᠯ ᠡᠴᠡ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠺᠠᠳ᠋ᠷ ᠠᠵᠢᠯᠳ᠋ᠡᠨ ᠤᠯᠤᠰ ᠲᠥᠷᠥ ᠶᠢᠨ ᠵᠤᠭᠰᠤᠴᠠ ᠪᠠᠨ ᠲᠡᠭᠡᠭ᠍ᠰᠢᠯᠡᠭᠦᠯᠦᠨ᠂ ᠰᠢᠨ᠎ᠠ ᠴᠠᠭ ᠥᠶ᠎ᠠ ᠶᠢᠨ ᠪᠣᠯᠪᠠᠰᠤᠨ ᠤ ᠦᠢᠯᠡᠳ᠋ᠦᠯᠭᠡ ᠶᠢᠨ ᠠᠵᠢᠯ ᠤᠨ ᠬᠠᠷᠢᠭᠤᠴᠠᠯᠭᠠᠳ᠋ᠤ ᠰᠡᠳᠭᠢᠯᠭᠡ ᠪᠠ ᠡᠭᠦᠷᠭᠡᠳ᠋ᠦ ᠰᠡᠳᠭᠢᠯᠭᠡ ᠪᠡᠨ ᠦᠨᠡᠨᠬᠦ ᠴᠢᠩᠭ᠋ᠠᠳᠬᠠᠵᠦ᠂ ᠰᠢ ᠵᠢᠨ ᠫᠢᠩ ᠦᠨ ᠰᠢᠨ᠎ᠠ ᠴᠠᠭ ᠥᠶ᠎ᠠ ᠶᠢᠨ ᠲᠤᠮᠳ᠋ᠠᠳ᠋ᠤ ᠤᠯᠤᠰ ᠤᠨ ᠤᠨᠴᠠᠯᠢᠭ ᠲᠡᠶ ᠨᠡᠢ᠌ᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠬᠤ ᠡᠨᠡᠬᠥ ᠭᠣᠤᠯ ᠱᠤᠭᠤᠮ ᠢ ᠪᠠᠳ᠋ᠦ ᠡᠵᠡᠮᠰᠢᠵᠦ᠂ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠤᠨᠤᠯ ᠤᠨ ᠤᠬᠠᠭᠤᠯᠭ᠎ᠠ ᠶᠢᠨ ᠰᠠᠢ᠌ᠨ ᠲᠣᠷ᠎ᠠ ᠶᠢᠨ ᠠᠵᠢᠯᠯᠠᠭ᠎ᠠ ᠶᠢ ᠦᠷᠨᠢᠭᠦᠯᠬᠦ ᠬᠡᠷᠡᠭ᠍ᠲᠡᠢ᠃ ᠰᠢᠨ᠎ᠠ ᠴᠠᠭ ᠥᠶ᠎ᠠ ᠶᠢᠨ ᠪᠣᠯᠪᠠᠰᠤᠨ ᠤ ᠦᠢᠯᠡᠳ᠋ᠦᠯᠭᠡ ᠶᠢᠨ ᠴᠢᠬᠤᠯᠠ ᠶᠡᠬᠡ ᠠᠴᠢ ᠬᠤᠯᠪᠤᠭᠳ᠋ᠠᠯ ᠢ ᠭᠦᠢᠴᠡᠳ ᠲᠠᠨᠢᠵᠦ᠂ ᠰᠢᠨ᠎ᠠ ᠴᠠᠭ ᠥᠶ᠎ᠠ ᠶᠢᠨ ᠪᠣᠯᠪᠠᠰᠤᠨ ᠤ ᠦᠢᠯᠡᠳ᠋ᠦᠯᠭᠡ ᠶᠢᠨ ᠠᠵᠢᠯ ᠳᠤ ᠢᠳ᠋ᠡᠪᠭᠢᠳ᠋ᠠᠢ ᠤᠷᠤᠯᠴᠠᠨ᠂ ᠲᠦ᠋ᠷᠦᠭᠦᠯᠡᠨ ᠪᠣᠯᠪᠠᠰᠤᠨ ᠢ ᠡᠷᠬᠢᠮᠯᠡᠵᠦ᠂ ᠰᠢᠨ᠎ᠠ ᠬᠡᠪ ᠰᠤᠷᠳ᠋ᠠᠯ ᠢ ᠪᠣᠢ ᠪᠣᠯᠭᠠᠨ᠂ ᠤᠯᠠᠨ ᠲᠦ᠋ᠮᠡᠨ ᠳ᠋ᠦ ᠨᠡᠩ ᠰᠠᠢ᠌ᠳ᠋ᠤᠷ ᠦᠢᠯᠡᠴᠢᠯᠡᠵᠦ᠂ ᠰᠢᠨ᠎ᠠ ᠴᠠᠭ ᠥᠶ᠎ᠠ ᠶᠢᠨ ᠪᠣᠯᠪᠠᠰᠤᠨ ᠤ ᠦᠢᠯᠡᠳ᠋ᠦᠯᠭᠡ ᠶᠢᠨ ᠠᠵᠢᠯᠯᠠᠭ᠎ᠠ ᠶᠢ ᠠᠬᠢᠭᠤᠯᠬᠤ ᠳᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠦᠴᠦᠨ ᠴᠢᠳ᠋ᠠᠯ ᠶᠢᠡᠨ ᠡᠷᠭᠦᠭᠥ ᠬᠡᠷᠡᠭ᠍ᠲᠡᠢ ᠭᠡᠵᠦ ᠴᠢᠬᠤᠯᠠᠴᠢᠯᠠᠪᠠ᠃ (ᠯᠸᠢ ᠫᠠᠩ)