ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠭᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠠᠵᠢᠯ ᠬᠢᠨᠠᠨ ᠵᠢᠯᠤᠭᠤᠳᠪᠠ

       
      6 ᠰᠠᠷ᠎ᠠ ᠶᠢᠨ 12 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ ᠡᠮᠦᠨ᠎ᠠ ᠰᠠᠯᠠᠭ᠎ᠠ ᠭᠠᠴᠠᠭ᠎ᠠ᠂ ᠪᠠᠶᠠᠷᠳ᠋ᠤᠬᠤᠰᠢᠭᠤ ᠭᠠᠴᠠᠭ᠎ᠠ ᠵᠡᠷᠭᠡ ᠭᠠᠵᠠᠷ ᠲᠤ ᠬᠦᠷᠴᠦ᠂ ᠨᠠᠮ ᠵᠠᠰᠠᠭ ᠵᠢᠴᠢ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠭᠣᠤᠯ ᠬᠠᠷᠢᠭᠤᠴᠠᠯᠭᠠᠳ᠋ᠠᠨ ᠲᠡᠶ ᠰᠠᠨᠠᠯ ᠶᠢᠡᠨ ᠰᠤᠯᠢᠯᠴᠠᠬᠤ᠂ ᠠᠵᠢᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ᠂ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠦᠵᠡᠬᠦ ᠵᠡᠷᠭᠡ ᠬᠡᠯᠪᠡᠷᠢ ᠪᠡᠷ ᠲᠠᠮᠵᠢᠨ᠂ ᠨᠤᠲᠤᠭ ᠪᠡᠯᠴᠢᠭᠡᠷ ᠦᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠲᠤᠷᠰᠢᠯᠳ᠋ᠡ ᠶᠢᠨ ᠲᠥᠷᠥᠯ ᠵᠦ᠋ᠢᠯ ᠦᠨ ᠬᠠᠮᠢᠶ᠎ᠠ ᠪᠦᠬᠦᠢ ᠪᠡᠯᠡᠳᠭᠡᠯ ᠠᠵᠢᠯ ᠤᠨ ᠪᠠᠢ᠌ᠳ᠋ᠠᠯ ᠪᠣᠯᠤᠨ ᠣᠯᠤᠰ ᠤᠨ ᠡᠷᠡᠭᠦᠯ ᠬᠠᠮᠠᠭᠠᠯᠠᠯ ᠤᠨ ᠬᠣᠳ᠋ᠠ ᠪᠠᠯᠭᠠᠰᠤ ᠶᠢ ᠡᠭᠦᠳ᠋ᠦᠨ ᠪᠠᠢ᠌ᠭᠤᠯᠤᠭᠰᠠᠨ ᠵᠢᠴᠢ ᠠᠷᠠᠳ ᠤᠨ ᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠥ ᠦᠢᠯᠡᠳ᠋ᠦᠯ ᠢ ᠪᠠᠳ᠋ᠠᠷᠠᠭᠤᠯᠤᠭᠰᠠᠨ ᠵᠡᠷᠭᠡ ᠠᠵᠢᠯ ᠢ ᠬᠢᠨᠠᠨ ᠵᠢᠯᠤᠭᠤᠳᠪᠠ᠃

       


       
        ᠡᠮᠦᠨ᠎ᠠ ᠰᠠᠯᠠᠭ᠎ᠠ ᠭᠠᠴᠠᠭᠠᠨ ᠳᠤ ᠲᠠᠯ᠎ᠠ ᠨᠣᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠲᠣᠷᠰᠢᠯᠳ᠋ᠡ ᠶᠢᠨ ᠴᠩ ᠦᠨ ᠲᠥᠷᠥᠯ ᠵᠦ᠋ᠢᠯ ᠦᠨ ᠪᠡᠯᠡᠳᠭᠡᠯ ᠠᠵᠢᠯ ᠢ ᠬᠢᠨᠠᠨ ᠵᠢᠯᠤᠭᠤᠳᠬᠤ ᠳᠠᠭᠠᠨ᠂ ᠡᠦ ᠴᠢᠩ ᠬᠠᠢ ᠡᠴᠡ᠂ ᠪᠦᠬᠦ ᠪᠠᠯᠭᠠᠰᠤᠨ ᠤ ᠲᠡᠭᠡᠳ᠋ᠦ ᠲᠤᠤᠷᠠᠳ᠋ᠤ ᠱᠠᠳ᠋ᠤ ᠪᠠᠷ ᠶᠢᠡᠨ ᠲᠠᠨᠢᠯᠳ᠋ᠡ ᠪᠠᠨ ᠲᠡᠭᠡᠭ᠍ᠰᠢᠯᠡᠭᠦᠯᠦᠨ᠂ ᠦᠵᠡᠯ ᠰᠠᠨᠠᠭ᠎ᠠ ᠪᠠᠨ ᠨᠢᠭᠡᠳᠭᠡᠵᠦ᠂ ᠲᠤᠷᠰᠢᠯᠳ᠋ᠡ ᠶᠢᠨ ᠴᠩ ᠦᠨ ᠠᠵᠢᠯ ᠪᠣᠯ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠦᠭ᠍ᠵᠢᠯᠳ᠋ᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠪᠠ ᠣᠳ᠋ᠤ ᠥᠶ᠎ᠠ ᠶᠢᠨ ᠠᠮᠢ ᠠᠬᠤᠢ ᠶᠢᠨ ᠮᠠᠯ ᠠᠵᠤ ᠠᠬᠤᠢ  ᠶᠢ ᠲᠦ᠋ᠷᠭᠡᠳᠭᠡᠨ ᠪᠠᠢ᠌ᠭᠤᠯᠬᠤ ᠶᠢᠨ ᠴᠢᠬᠤᠯᠠ ᠠᠭᠤᠯᠭ᠎ᠠ ᠪᠣᠯᠬᠤ ᠶᠢ ᠭᠦᠨᠵᠡᠭᠡᠢ ᠲᠠᠨᠢᠨ᠂ ᠪᠦᠳ᠋ᠦᠭᠡᠨ ᠪᠠᠢ᠌ᠭᠤᠯᠤᠯᠳ᠋ᠠ ᠶᠢᠨ ᠭᠣᠤᠯ ᠴᠤᠭᠴᠠ ᠶᠢᠨ ᠬᠠᠷᠢᠭᠤᠴᠠᠯᠭ᠎ᠠ ᠶᠢ ᠦᠨᠡᠨᠬᠦ ᠰᠠᠢ᠌ᠳ᠋ᠤᠷ ᠪᠠᠳ᠋ᠠᠷᠠᠭᠤᠯᠵᠦ᠂ ᠲᠣᠷᠰᠢᠯᠳ᠋ᠡ ᠶᠢᠨ ᠴᠡᠭ᠌ ᠦᠨ ᠲᠥᠷᠥᠯ ᠵᠦ᠋ᠢᠯ ᠦᠨ ᠠᠵᠢᠯ ᠤᠨ ᠪᠣᠳ᠋ᠠᠳ᠋ᠤ ᠥᠷ᠎ᠠ ᠪᠦᠳ᠋ᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭ᠍ᠲᠡᠢ᠃ ᠴᠢᠨᠠᠷ ᠰᠠᠢ᠌ᠲᠠᠢ ᠮᠢᠬᠠᠨ ᠤ ᠦᠬᠡᠷ ᠦᠨ ᠠᠵᠤ ᠦᠢᠯᠡᠰ ᠢ ᠪᠤᠢ᠌ᠵᠢᠭᠤᠯᠤᠨ᠂ ᠲᠡᠵᠢᠭᠡᠨ ᠦᠷᠡᠵᠢᠭᠦᠯᠬᠦ ᠡᠷᠦᠭᠡ ᠶᠢᠨ ᠰᠢᠨᠵᠢᠯᠡᠬᠦ ᠤᠬᠠᠭᠠᠨᠴᠢ ᠲᠡᠵᠢᠭᠡᠨ ᠦᠷᠡᠵᠢᠭᠦᠯᠬᠦ ᠮᠡᠷᠭᠡᠵᠢᠯ ᠦᠨ ᠪᠣᠯᠪᠠᠰᠤᠷᠠᠯ ᠪᠤᠯᠤᠨ ᠵᠢᠭᠠᠨ ᠵᠢᠯᠤᠭᠤᠳᠴᠦ ᠲᠡᠳᠭᠦᠨ ᠲᠡᠮᠵᠢᠭᠦ ᠡᠷᠴᠢᠮ  ᠢᠶᠡᠨ ᠴᠢᠩᠭ᠋ᠠᠳᠬᠠᠵᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠦᠷᠭᠦᠯᠵᠢᠯᠡᠨ ᠨᠡᠮᠡᠭ᠍ᠳ᠋ᠡᠭᠦᠯᠬᠦ ᠶᠢ ᠠᠬᠢᠭᠤᠯᠤᠨ᠂ ᠶᠠᠳ᠋ᠠᠭᠤ ᠡᠴᠡ ᠠᠩᠭᠢᠵᠢᠷᠠᠭᠤᠯᠤᠭᠰᠠᠨ ᠥᠷ᠎ᠠ ᠪᠦᠳ᠋ᠦᠭᠡᠯ ᠢ ᠪᠡᠬᠢᠵᠢᠭᠦᠯᠵᠦ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠠᠬᠢᠭᠤᠯᠬᠤ ᠬᠡᠷᠡᠭ᠍ᠲᠡᠢ ᠭᠡᠵᠦ ᠬᠡᠯᠡᠪᠡ᠃

       

     ᠪᠠᠶᠠᠷᠳ᠋ᠤᠬᠤᠰᠢᠭᠤ ᠭᠠᠴᠠᠭᠠᠨ ᠳᠤ ᠤᠯᠤᠰ ᠤᠨ ᠡᠷᠡᠭᠦᠯ ᠬᠠᠮᠠᠭᠠᠯᠠᠯ ᠤᠨ ᠬᠤᠳ᠋ᠠ ᠪᠠᠯᠭᠠᠰᠤ ᠶᠢ ᠡᠭᠦᠳ᠋ᠦᠨ ᠪᠠᠢ᠌ᠭᠤᠯᠬᠤ ᠠᠵᠢᠯ ᠦᠷᠨᠢᠭᠦᠯᠦᠭ᠍ᠰᠡᠨ ᠪᠠᠢ᠌ᠳ᠋ᠠᠯ ᠢ ᠪᠠᠢ᠌ᠴᠠᠭᠠᠨ ᠦᠵᠡᠬᠦ ᠳ᠋ᠡᠬᠡᠨ᠂ ᠡᠦ ᠴᠢᠩ ᠬᠠᠢ ᠡᠴᠡ᠂ ᠦᠨᠡᠯᠡᠬᠦ ᠪᠠᠷᠢᠮᠵᠢᠶ᠎ᠠ ᠶᠢᠨ ᠱᠠᠭᠠᠷᠳ᠋ᠠᠯᠭ᠎ᠠ ᠶᠢ ᠴᠢᠩᠭ᠎ᠠ ᠵᠢᠷᠤᠮᠯᠡᠵᠦ᠂ ᠵᠦ᠋ᠢᠯ ᠲᠠᠷᠠᠭᠠᠯᠠᠨ ᠡᠭᠦᠷᠭᠡ ᠶᠢ ᠵᠠᠳ᠋ᠠᠯᠬᠤ ᠪᠠ ᠵᠢᠬᠰᠠᠭᠠᠨ ᠪᠠᠢ᠌ᠴᠠᠭᠠᠵᠦ ᠡᠮᠬᠢᠯᠡᠨ᠂ ᠪᠠᠭᠤᠷᠠᠢ ᠭᠤᠭᠴᠤᠭ᠎ᠠ ᠪᠤᠯᠤᠨ ᠬᠦᠷᠦᠯᠴᠡᠬᠦ ᠦᠭᠡᠶ ᠲᠠᠯ᠎ᠠ ᠪᠠᠨ ᠨᠠᠷᠢᠨ ᠬᠢᠨᠠᠮᠠᠭᠠᠢ ᠡᠷᠢᠵᠦ᠂ ᠨᠠᠷᠢᠯᠢᠭ ᠰᠠᠢ᠌ᠳ᠋ᠤᠷ ᠬᠢᠬᠦ ᠬᠡᠷᠡᠭ᠍ᠲᠡᠢ ᠭᠡᠵᠦ ᠬᠡᠯᠡᠪᠡ᠃ (ᠯᠸᠢ ᠫᠠᠩ)

ᠡᠮᠦᠨᠡᠬᠢ᠄ ᠡᠦ ᠴᠢᠩ ᠬᠠᠢ ᠲᠤᠭᠤᠢ᠌ᠯᠠᠩ ᠲᠠᠭᠠᠭᠤᠯᠤᠨ ᠴᠢᠩᠳ᠋ᠤᠤ ᠬᠤᠳ᠋ᠠ ᠳᠤ ᠭᠦᠷᠴᠦ ᠲᠤᠭᠤᠷᠢᠨ ᠰᠤᠳ᠋ᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠲᠦ᠋ᠪᠯᠡᠷᠡᠭᠦᠯᠦᠨ ᠴᠡᠭ᠍ᠴᠡᠯᠡᠨ ᠵᠠᠰᠠᠬᠤ ᠠᠵᠢᠯᠯᠠᠭ᠎ᠠ ᠦᠷᠨᠢᠭᠦᠯᠪᠡ