ᠵᠠᠷᠣᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠢ᠋ᠮᠠᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ

6 ᠰᠠᠷ᠎ᠠ ᠶᠢᠨ 14 ᠤ ᠡᠳ᠋ᠦᠷ᠂ ᠵᠠᠷᠣᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠢ᠋ᠮᠠᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ᠂ ᠶᠡᠩ ᠵᠸᠨ ᠴᠢᠩ ᠵᠢᠴᠢ ᠪᠠᠢ᠌ᠩᠭ᠋ᠤ ᠶᠢᠨ ᠬᠤᠷᠢᠶᠠᠨ ᠤ ᠪᠣᠰᠤᠳ ᠪᠦᠷᠢᠯᠳ᠋ᠦᠭᠦᠨ ᠭᠡᠰᠢᠭᠦᠳ ᠨᠡᠢ᠌ᠲᠡ 25 ᠬᠦᠮᠦᠨ ᠬᠤᠷᠠᠯ ᠳᠤ ᠤᠷᠤᠯᠴᠡᠵᠦ᠂ ᠬᠠᠦᠯᠢ ᠳᠤ ᠲᠤᠭᠳ᠋ᠠᠭᠰᠠᠨ ᠬᠦᠮᠦᠨ ᠤ ᠲᠤᠭᠠᠨ ᠳᠤ ᠨᠡᠢ᠌ᠴᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠰᠠᠬᠢᠯᠭ᠎ᠠ ᠪᠠᠲᠤ ᠪᠠᠢ᠌ᠴᠠᠭᠠᠬᠤ ᠬᠤᠷᠢᠶᠠᠨ ᠦ ᠱᠦ᠋ᠵᠢ᠂ ᠬᠢᠨᠠᠨ ᠪᠠᠢ᠌ᠴᠠᠭᠠᠬᠤ ᠵᠦ᠋ᠪᠯᠡᠯ ᠦᠨ ᠡᠷᠬᠢᠯᠡᠭ᠍ᠴᠢ ᠯᠢᠦ ᠰᠢ ᠯᠢᠨ᠂ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳ᠋ᠤᠨ ᠤ ᠲᠡᠳ᠋ ᠬᠤᠰᠢᠭᠤᠨ ᠲᠠᠷᠤᠭ᠎ᠠ ᠶᠢᠨ ᠵᠢᠱᠢᠭ᠍ᠳ᠋ᠡᠭ᠍ᠴᠢ ᠶᠤᠤ ᠼᠠᠢ ᠶᠠᠨ᠂ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ ᠼᠦ᠋ᠢ ᠯᠸᠢ ᠯᠸᠢ᠂ ᠬᠤᠰᠢᠭᠤᠨ ᠤ ᠠᠷᠠᠳ ᠤᠨ ᠰᠢᠬᠦᠭᠦ ᠬᠤᠷᠢᠶᠠᠨ ᠤ ᠬᠤᠷᠢᠶᠠᠨ ᠲᠠᠷᠤᠭ᠎ᠠ ᠲᠤᠩᠭ᠋ᠠᠯᠠᠭ᠂ ᠬᠣᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠪᠠᠢ᠌ᠴᠠᠭᠠᠬᠤ ᠲᠠᠷᠤᠭ᠎ᠠ ᠴᠢᠦᠢ ᠶᠸ ᠬᠣᠩ ᠵᠢᠴᠢ ᠬᠤᠰᠢᠭᠤᠨ ᠤ ᠵᠠᠰᠠᠭ ᠤᠨ ᠣᠷᠳ᠋ᠤᠨ ᠤ ᠠᠯᠪᠠᠨ ᠭᠡᠷ᠂ ᠬᠢᠨᠠᠨ ᠪᠤᠳ᠋ᠤᠬᠤ ᠲᠤᠪᠴᠢᠶ᠎ᠠ᠂ ᠰᠤᠷᠭᠠᠨ ᠬᠦᠮᠦᠵᠢᠯ ᠪᠡᠶ᠎ᠠ ᠲᠠᠮᠢᠷ ᠤᠨ ᠲᠤᠪᠴᠢᠶ᠎ᠠ᠂ ᠤᠢ ᠰᠢᠭᠤᠢ ᠨᠣᠳ᠋ᠤᠭ ᠪᠡᠯᠴᠢᠭᠡᠷ ᠦᠨ ᠲᠤᠪᠴᠢᠶ᠎ᠠ᠂ ᠡᠮᠩᠲᠡᠢ᠌ᠴᠤᠳ ᠤᠨ ᠬᠤᠯᠪᠤᠭᠠᠨ ᠤ ᠭᠣᠤᠯ ᠬᠠᠷᠢᠭᠤᠴᠠᠯᠭᠠᠳ᠋ᠠᠨ ᠵᠢᠴᠢ 6 ᠨᠡᠷᠡᠰ ᠬᠤᠰᠢᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠬᠤᠷᠠᠯ ᠳᠤ ᠰᠤᠯᠠ ᠤᠷᠤᠯᠴᠠᠭᠰᠠᠨ ᠪᠤᠶᠦ ᠲᠤᠭᠤᠷᠢᠨ ᠪᠠᠢ᠌ᠴᠭᠠᠠᠯᠳ᠋ᠠ ᠳᠤ ᠤᠷᠤᠯᠴᠠᠪᠠ᠃

ᠬᠤᠷᠠᠯ ᠡᠴᠡ ᠠᠵᠢᠯᠳ᠋ᠡᠨ ᠤ ᠶᠠᠪᠤᠳ᠋ᠠᠯ ᠤᠨ ᠲᠤᠰᠢᠶᠠᠯ ᠳᠤ ᠲᠤᠮᠢᠯᠠᠬᠤ ᠪᠠᠭᠤᠯᠭᠠᠬᠤ ᠠᠵᠢᠯ ᠢ ᠶᠠᠪᠤᠭᠳ᠋ᠠᠭᠤᠯᠵᠤ᠂ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠪᠠᠢ᠌ᠴᠠᠭᠠᠬᠤ ᠲᠠᠷᠤᠭ᠎ᠠ ᠴᠢᠦᠢ ᠶᠸ ᠬᠣᠩ ᠡᠴᠡ 《ᠵᠠᠩ ᠵᠢᠩ ᠵᠡᠷᠭᠡ 3 ᠨᠦ᠋ᠬᠦᠷ ᠢ ᠲᠤᠰᠢᠶᠠᠯ ᠳᠤ ᠲᠤᠮᠢᠯᠠᠬᠤ ᠵᠢᠭᠠᠪᠤᠷᠢ ᠶᠢᠨ ᠲᠤᠬᠠᠢ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠮᠡᠳ᠋ᠡᠭᠦᠯᠦᠯᠳ᠋ᠡ》 ᠶᠢ ᠤᠩᠰᠢᠨ ᠨᠡᠪᠳ᠋ᠡᠷᠡᠭᠡᠭ᠍ᠰᠡᠨ ᠪᠦᠭᠡᠳ ᠲᠤᠰᠢᠶᠠᠯ ᠳᠤ ᠲᠤᠮᠢᠯᠠᠬᠤ ᠵᠢᠱᠢᠭ᠍ᠳ᠋ᠡᠭ᠍ᠴᠢᠳ ᠬᠦᠮᠦᠰ ᠦᠨ ᠲᠤᠪᠴᠢ ᠨᠠᠮᠳ᠋ᠠᠷ ᠢ ᠲᠠᠨᠢᠯᠴᠠᠭᠤᠯᠪᠠ᠃
ᠬᠤᠷᠠᠯ ᠲᠡᠭᠡᠷ᠎ᠠ ᠰᠢᠨ᠎ᠠ ᠪᠠᠷ ᠲᠤᠰᠢᠶᠠᠯ ᠳᠤ ᠲᠤᠮᠢᠯᠠᠬᠤ ᠵᠢᠱᠢᠭ᠍ᠳ᠋ᠡᠭ᠍ᠴᠢᠳ ᠲᠤᠰᠢᠶᠠᠯ ᠡᠭᠦᠷᠭᠡᠯᠡᠬᠦ ᠶᠠᠷᠢᠶ᠎ᠠ ᠬᠢᠪᠡ᠃ ᠬᠠᠮᠢᠶ᠎ᠠ ᠪᠦᠬᠦᠢ ᠲᠦ᠋ᠷᠢᠮ ᠲᠤᠭᠳ᠋ᠠᠭᠠᠯ ᠢ ᠦᠨᠳ᠋ᠦᠰᠦᠯᠡᠨ᠂ ᠬᠤᠷᠠᠯ ᠡᠴᠡ ᠡᠮᠦᠨ᠎ᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠡ ᠲᠤᠰᠢᠶᠠᠯ ᠳᠤ ᠲᠤᠮᠢᠯᠠᠬᠤ ᠡᠴᠡ ᠡᠮᠦᠨᠡᠬᠢ ᠬᠠᠦᠯᠢ ᠴᠠᠭᠠᠵᠠ ᠶᠢᠨ ᠮᠡᠳ᠋ᠡᠯᠭᠡ ᠶᠢᠨ ᠰᠢᠯᠭᠠᠯᠳ᠋ᠠ ᠬᠢᠵᠦ᠂ ᠰᠢᠯᠭᠠᠯᠳ᠋ᠠ ᠶᠢᠨ ᠬᠢᠷᠢ ᠪᠦᠳ᠋ᠦᠮᠵᠢ ᠨᠢ ᠬᠢᠷᠢ ᠲᠡᠩᠴᠡᠨ᠂ ᠨᠢᠭᠡᠨᠳ᠋ᠡ ᠲᠤᠰᠢᠶᠠᠯ ᠳᠤ ᠲᠤᠮᠢᠯᠠᠬᠤ ᠬᠠᠦᠯᠢ ᠴᠠᠭᠠᠵᠠ ᠶᠢᠨ ᠬᠡᠪ ᠴᠢᠨᠠᠷ ᠢ ᠪᠦᠷᠢᠯᠳ᠋ᠦᠭᠦᠯᠦᠭ᠍ᠰᠡᠨ ᠪᠠᠢ᠌ᠨ᠎ᠠ᠃ ᠬᠤᠷᠠᠯ ᠡᠴᠡ ᠪᠢᠯᠸᠲ ᠦᠭ᠍ᠴᠦ ᠪᠠᠳ᠋ᠤᠯᠠᠬᠤ ᠪᠠᠷ ᠲᠠᠮᠵᠢᠨ ᠵᠠᠩ ᠵᠢᠩ᠂ ᠪᠣᠤ ᠰᠤᠶᠤᠯ᠂ ᠰᠤᠷᠤᠨ᠎ᠠ ᠶᠢ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠪᠠᠢ᠌ᠴᠠᠭᠠᠭᠴᠢ ᠪᠠᠷ ᠲᠤᠮᠢᠯᠠᠪᠠ᠃ ᠡᠦ ᠴᠢᠩ ᠬᠠᠢ ᠡᠴᠡ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠡᠳ ᠲᠤ ᠲᠤᠮᠢᠯᠠᠯ ᠤᠨ ᠪᠢᠴᠢᠭ᠌ ᠭᠠᠷᠳ᠋ᠠᠭᠤᠯᠵᠤ᠂ 《ᠪᠦᠬᠦ ᠣᠯᠤᠰ ᠤᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠦᠨᠳ᠋ᠦᠰᠦᠨ ᠬᠠᠦᠯᠢ ᠳᠤ ᠲᠠᠩᠭ᠋ᠠᠷᠢᠭᠯᠠᠬᠤ ᠲᠥᠷᠢᠮ ᠢ ᠬᠡᠷᠡᠭ᠍ᠵᠢᠭᠦᠯᠬᠦ ᠲᠤᠬᠠᠢ ᠲᠤᠭᠳ᠋ᠠᠭᠠᠯ》 ᠪᠠ ᠦᠪᠡᠷᠳ᠋ᠡᠭᠡᠨ ᠵᠠᠰᠠᠬᠤ ᠤᠷᠤᠨ᠂ ᠬᠤᠳ᠋ᠠ᠂ ᠬᠤᠰᠢᠭᠤᠨ ᠤ ᠦᠨᠳ᠋ᠦᠰᠦᠨ ᠬᠠᠦᠯᠢ ᠳᠤ ᠲᠠᠩᠭ᠋ᠠᠷᠢᠭᠯᠠᠬᠤ ᠲᠥᠷᠢᠮ ᠢ ᠵᠤᠬᠢᠶᠠᠨ ᠪᠠᠢ᠌ᠭᠤᠯᠤᠨ ᠬᠡᠷᠡᠭ᠍ᠵᠢᠭᠦᠯᠬᠦ ᠠᠷᠭ᠎ᠠ ᠶᠢᠨ ᠲᠤᠭᠳ᠋ᠠᠭᠠᠯ ᠶᠤᠰᠤᠭᠠᠷ᠂ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠡᠳ ᠦᠨᠳ᠋ᠦᠰᠦᠨ ᠬᠠᠦᠯᠢ ᠳᠤ ᠲᠠᠩᠭ᠋ᠠᠷᠢᠭᠯᠠᠪᠠ᠃

ᠬᠤᠷᠠᠯ ᠡᠴᠡ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ 《ᠠᠷᠠᠳ ᠢᠷᠭᠡᠨ ᠦ ᠬᠠᠦᠯᠢ ᠶᠤᠰᠤᠨ ᠤ ᠡᠷᠬᠡ ᠠᠰᠢᠭ ᠤᠨ ᠬᠠᠦᠯᠢ ᠬᠡᠷᠡᠭ᠍ᠵᠢᠭᠦᠯᠬᠦ ᠬᠠᠦᠯᠢ ᠴᠠᠭᠠᠵᠠ ᠶᠢᠨ ᠬᠠᠮᠠᠭᠠᠯᠠᠯᠳ᠋ᠠ ᠶᠢᠨ ᠠᠵᠢᠯ ᠤᠨ ᠲᠤᠬᠠᠢ ᠮᠡᠳ᠋ᠡᠭᠦᠯᠦᠯᠳ᠋ᠡ》᠂ ᠬᠤᠰᠢᠭᠤᠨ ᠤ ᠠᠷᠠᠳ ᠤᠨ ᠵᠠᠰᠠᠭ ᠤᠨ ᠣᠷᠳ᠋ᠤᠨ ᠤ 《2021 ᠣᠨ ᠤ ᠬᠢᠨᠠᠨ ᠪᠤᠳ᠋ᠤᠯᠳ᠋ᠡ ᠪᠠᠷ ᠢᠯᠡᠷᠡᠭᠦᠯᠦᠭ᠍ᠰᠡᠨ ᠠᠰᠠᠭᠤᠳ᠋ᠠᠯ ᠢ ᠴᠡᠭ᠍ᠴᠡᠯᠡᠨ ᠰᠠᠢ᠌ᠵᠢᠷᠠᠭᠤᠯᠤᠭᠰᠠᠨ ᠪᠠᠢ᠌ᠳ᠋ᠠᠯ ᠤᠨ ᠲᠤᠬᠠᠢ ᠮᠡᠳ᠋ᠡᠭᠦᠯᠦᠯᠳ᠋ᠡ》《ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠤᠨ〈ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠣᠯᠤᠰ ᠤᠨ ᠨᠣᠳ᠋ᠤᠭ ᠪᠡᠯᠴᠢᠭᠡᠷ ᠦᠨ ᠬᠠᠦᠯᠢ〉 ᠶᠢ ᠬᠡᠷᠡᠭ᠍ᠵᠢᠭᠦᠯᠦᠭ᠍ᠰᠡᠨ ᠪᠠᠢ᠌ᠳ᠋ᠠᠯ ᠢ ᠪᠠᠢ᠌ᠴᠠᠭᠠᠭᠰᠠᠨ ᠮᠡᠳ᠋ᠡᠭᠦᠯᠦᠯᠳ᠋ᠡ》 《ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠤᠨ〈ᠪᠦᠬᠦᠲᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠭᠡᠷ ᠪᠦᠯᠢ ᠶᠢᠨ ᠰᠤᠷᠭᠠᠨ ᠬᠦᠮᠦᠵᠢᠯ ᠢ ᠠᠬᠢᠭᠤᠯᠬᠤ ᠬᠠᠦᠯᠢ〉 〈ᠦᠪᠥᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠭᠡᠷ ᠪᠦᠯᠢ ᠶᠢᠨ ᠰᠤᠷᠭᠠᠨ ᠬᠦᠮᠦᠵᠢᠯ ᠢ ᠠᠬᠢᠭᠤᠯᠬᠤ ᠲᠥᠷᠢᠮ〉 ᠢ ᠬᠡᠷᠡᠭ᠍ᠵᠢᠭᠦᠯᠦᠭ᠍ᠰᠡᠨ ᠪᠠᠢ᠌ᠳ᠋ᠠᠯ ᠢ ᠪᠠᠢ᠌ᠴᠠᠭᠠᠭᠰᠠᠨ ᠲᠤᠬᠠᠢ ᠮᠡᠳ᠋ᠡᠭᠦᠯᠦᠯᠳ᠋ᠡ》᠂ ᠬᠤᠰᠢᠭᠤᠨ ᠤ ᠬᠢᠨᠠᠨ ᠪᠠᠢ᠌ᠴᠠᠭᠠᠬᠤ ᠵᠦ᠋ᠪᠯᠡᠯ ᠦᠨ《ᠬᠡᠷᠡᠭ᠌ ᠶᠢᠡᠷ ᠵᠠᠰᠠᠨ ᠠᠬᠢᠭᠤᠯᠬᠤ ᠠᠵᠢᠯ ᠤᠨ ᠪᠠᠢ᠌ᠳ᠋ᠠᠯ ᠤᠨ ᠲᠤᠬᠠᠢ ᠮᠡᠳ᠋ᠡᠭᠦᠯᠦᠯᠳ᠋ᠡ》 ᠶᠢ ᠰᠤᠨᠤᠰᠴᠦ ᠬᠢᠨᠠᠨ ᠵᠦ᠋ᠪᠯᠡᠪᠡ᠃《ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠦ᠋ᠯᠦᠭᠡᠯᠡᠭ᠍ᠴᠢ ᠶᠢ ᠵᠤᠷᠢᠭᠵᠢᠭᠤᠯᠬᠤ ᠬᠢᠵᠠᠭᠠᠷᠯᠠᠬᠤ ᠲᠤᠰᠢᠶᠠᠯ ᠡᠴᠡ ᠪᠠᠭᠤᠬᠤ ᠠᠷᠭ᠎ᠠ (ᠲᠦ᠋ᠰᠦᠯ)》 (ᠲᠤᠷᠰᠢᠨ ᠬᠡᠷᠡᠭ᠍ᠵᠢᠭᠦᠯᠬᠦ) ᠶᠢ ᠶᠠᠷᠢᠯᠴᠡᠨ ᠪᠠᠳ᠋ᠤᠯᠠᠪᠠ᠃《ᠬᠤᠰᠢᠭᠤᠨ ᠤ ᠠᠷᠠᠳ ᠤᠨ ᠲᠦ᠋ᠯᠦᠭᠡᠯᠡᠭ᠍ᠴᠢ ᠼᠤᠩ ᠶᠠᠨ ᠱᠤ ᠶᠢᠨ ᠡᠭᠦᠷᠭᠡ ᠲᠤᠰᠢᠶᠠᠯ ᠶᠢᠡᠨ ᠭᠦᠢᠴᠡᠳᠭᠡᠬᠦ ᠶᠢ ᠲᠦ᠋ᠷ ᠵᠤᠭᠰᠤᠭᠠᠬᠤ ᠲᠤᠬᠠᠢ ᠰᠢ᠌ᠳᠪᠦᠷᠢ》 ᠶᠢ ᠪᠠᠳ᠋ᠤᠯᠠᠨ ᠵᠦ᠋ᠪᠰᠢᠶᠡᠷᠡᠪᠡ᠃ ᠬᠤᠷᠠᠯ ᠳᠤ ᠤᠷᠤᠯᠴᠠᠭᠰᠡᠳ ᠡᠯ᠎ᠠ ᠲᠦ᠋ᠷᠦᠯ ᠤᠨ ᠮᠡᠳ᠋ᠡᠭᠦᠯᠦᠯᠳ᠋ᠡ ᠶᠢᠨ ᠲᠤᠭᠤᠷᠢᠨ ᠳᠤ ᠶᠠᠷᠢᠯᠴᠠᠭ᠎ᠠ ᠦᠷᠨᠢᠭᠦᠯᠦᠭ᠍ᠰᠡᠨ ᠪᠦᠭᠡᠳ ᠰᠠᠨᠠᠯ ᠰᠠᠨᠠᠭᠤᠯᠭ᠎ᠠ ᠲᠤᠷᠠᠳᠪᠠ᠃

ᠬᠤᠷᠠᠯ ᠤᠨ ᠬᠤᠭᠤᠴᠠᠭᠠᠨ ᠳᠤ᠂ ᠬᠤᠷᠠᠯ ᠳᠤ ᠤᠷᠤᠯᠴᠠᠬᠰᠡᠳ ᠤᠷᠢᠳ ᠬᠣᠵᠢᠳ ᠦᠪᠦᠷ ᠮᠤᠩᠭ᠋ᠤᠯ ᠤᠨ ᠺᠠᠩ ᠨᠠᠢ ᠡᠯ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠳ᠋ᠤ ᠺᠤᠮᠫᠠᠨᠢ᠂ ᠯᠦ᠋ᠪᠸᠢ ᠪᠠᠯᠭᠠᠰᠤᠨ ᠤ ᠵᠦ᠋ᠩ ᠰᠢᠩ ᠲᠤᠰᠬᠤᠨ ᠤ ᠪᠠᠶᠠᠵᠢᠨ᠎ᠠ ᠲᠡᠵᠢᠭᠡᠨ ᠦᠷᠡᠵᠢᠭᠦᠯᠬᠦ ᠬᠤᠷᠰᠢᠶᠠᠵᠢᠯ ᠪᠤᠯᠤᠨ ᠵᠠᠷᠤᠳ ᠬᠤᠰᠢᠭᠤᠨ ᠤ ᠰᠢᠨ᠎ᠠ ᠤᠢ ᠰᠢᠭᠤᠢ ᠲᠠᠷᠢᠮᠡᠯ ᠤᠨ ᠲᠤᠰᠬᠠᠢ ᠬᠤᠷᠰᠢᠶᠠᠵᠢᠯ ᠵᠡᠷᠭᠡ ᠭᠠᠵᠠᠷ ᠢ ᠲᠤᠭᠤᠷᠢᠨ ᠪᠠᠢ᠌ᠴᠠᠭᠠᠪᠠ᠃ ᠤᠯᠠᠨ ᠶᠢᠡᠷ ᠶᠢᠡᠨ᠂ ᠲᠤᠰ ᠤᠳ᠋ᠠᠭᠠᠨ ᠤ ᠲᠦ᠋ᠪᠯᠡᠷᠡᠭᠦᠯᠦᠭ᠍ᠰᠡᠨ ᠲᠤᠭᠤᠷᠢᠨ ᠪᠠᠢ᠌ᠴᠠᠭᠠᠯᠳ᠋ᠠ ᠪᠠᠷ ᠲᠠᠮᠵᠢᠨ᠂ ᠭᠢᠯᠡᠰ ᠴᠡᠭ᠌ ᠢ ᠢᠯᠡᠷᠡᠭᠦᠯᠦᠨ᠂ ᠵᠦ᠋ᠷᠢᠶ᠎ᠠ ᠪᠡᠨ ᠡᠷᠢᠨ ᠤᠯᠵᠦ᠂ ᠴᠢᠭᠯᠡᠯ ᠢᠶᠡᠨ ᠲᠤᠳ᠋ᠤᠷᠬᠠᠢ᠌ᠯᠠᠨ᠂ ᠡᠷᠴᠢ ᠵᠣᠷᠢᠭ ᠶᠢᠡᠨ ᠬᠦᠪᠴᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠳᠤ ᠪᠠᠨ᠂ ᠤᠯᠠᠮ ᠨᠢᠭᠡ ᠠᠯᠬᠤᠮ ᠲᠠᠪᠠᠭᠤᠯᠢᠭ ᠶᠢᠡᠨ ᠪᠠᠳ᠋ᠠᠷᠠᠭᠤᠯᠤᠨ ᠲᠤᠳ᠋ᠠᠭᠳ᠋ᠠᠯ ᠶᠢᠡᠨ ᠨᠦ᠋ᠬᠦᠪᠦᠷᠢᠯᠡᠵᠦ᠂ ᠬᠠᠷᠢᠯᠴᠡᠨ ᠰᠤᠷᠤᠯᠴᠠᠵᠦ᠂ ᠤᠯᠠᠨ ᠲᠦ᠋ᠮᠡᠨ ᠦ《ᠰᠡᠳᠭᠢᠯ ᠦᠨ ᠬᠦᠭᠦᠷᠭᠡ》 ᠶᠢ ᠬᠦᠴᠦᠯᠡᠨ ᠪᠠᠢ᠌ᠭᠤᠯᠵᠦ᠂ ᠠᠷᠠᠳ ᠤᠯᠠᠨ ᠤ ᠬᠦᠰᠡᠯ ᠱᠠᠭᠠᠷᠳ᠋ᠠᠯᠭ᠎ᠠ ᠶᠢ ᠢᠳ᠋ᠡᠪᠬᠢᠳ᠋ᠠᠢ ᠲᠤᠰᠬᠠᠨ᠂ ᠲᠦ᠋ᠯᠦᠭᠡᠯᠡᠭ᠍ᠴᠢᠳ ᠦᠨ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯ ᠢ ᠠᠬᠢᠭᠤᠯᠵᠦ᠂ ᠪᠦᠬᠦ ᠬᠣᠰᠢᠭᠤᠨ ᠤ ᠬᠦᠭ᠍ᠵᠢᠯᠳ᠋ᠡ ᠶᠢᠨ ᠶᠡᠬᠡ ᠲᠠᠯ᠎ᠠ ᠳᠤ ᠬᠦᠴᠦᠲᠠᠢ ᠦᠢᠯᠡᠴᠢᠯᠡᠨ᠎ᠠ ᠭᠡᠵᠦ ᠢᠯᠡᠷᠬᠡᠢ᠌ᠯᠡᠵᠡᠭᠡᠪᠡ᠃ (ᠯᠸᠢ ᠫᠠᠩ)