ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠡᠷᠦᠩᠬᠡᠢ ᠱᠦ᠋ᠵᠢ ᠰᠢ ᠵᠢᠨ ᠫᠢᠩ ᠦᠪᠦᠷ ᠮᠤᠩᠭ᠋ᠤᠯ ᠳᠤ ᠰᠢᠨᠵᠢᠯᠡᠨ ᠪᠠᠢ᠌ᠴᠠᠭᠠᠭᠰᠠᠨ ᠬᠤᠭᠤᠴᠠᠭᠠᠨ ᠳ᠋ᠠᠬᠢ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠢ ᠰᠡᠳ᠋ᠦᠪ ᠶᠢᠡᠷ ᠰᠤᠷᠤᠯᠴᠠᠪᠠ
6 ᠰᠠᠷ᠎ᠠ ᠶᠢᠨ 16 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠺᠠᠳ᠋ᠷ ᠠᠵᠢᠯᠳ᠋ᠡᠳ ᠢ ᠵᠤᠬᠢᠶᠠᠨ ᠪᠠᠢ᠌ᠭᠤᠯᠵᠦ᠂ ᠶᠡᠷᠦᠩᠬᠡᠢ ᠱᠦ᠋ᠵᠢ ᠰᠢ ᠵᠢᠨ ᠫᠢᠩ ᠦᠪᠦᠷ ᠮᠤᠩᠭ᠋ᠤᠯ ᠳᠤ ᠰᠢᠨᠵᠢᠯᠡᠨ ᠪᠠᠢ᠌ᠴᠠᠭᠠᠭᠰᠠᠨ ᠬᠤᠭᠤᠴᠠᠭᠠᠨ ᠳ᠋ᠠᠬᠢ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦ᠋ᠵᠢ ᠰᠦ᠋ᠨ ᠱᠤᠤ ᠴᠸᠩ ᠪᠦᠬᠦ ᠤᠷᠤᠨ ᠤ ᠤᠳ᠋ᠤᠷᠢᠳ᠋ᠤᠯᠭ᠎ᠠ ᠺᠠᠳ᠋ᠷᠴᠤᠳ ᠤᠨ ᠶᠡᠬᠡ ᠬᠤᠷᠠᠯ ᠲᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠢ ᠰᠡᠳ᠋ᠦᠪ ᠶᠢᠡᠷ ᠰᠤᠷᠤᠯᠴᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠲᠤᠰᠬᠠᠢ ᠰᠡᠳ᠋ᠦᠪᠳ᠋ᠦ ᠰᠤᠷᠤᠯᠴᠠᠯᠭ᠎ᠠ ᠳᠤ ᠤᠷᠤᠯᠴᠠᠪᠠ᠃

ᠬᠤᠷᠠᠯ ᠡᠴᠡ᠂ ᠶᠡᠷᠦᠩᠬᠡᠢ ᠱᠦ᠋ᠵᠢ ᠰᠢ ᠵᠢᠨ ᠫᠢᠩ ᠦᠨ ᠲᠤᠰ ᠤᠳ᠋ᠠᠭᠠᠨ ᠤ ᠦᠪᠦᠷ ᠮᠤᠩᠭ᠋ᠤᠯ ᠳᠤ ᠰᠢᠨᠵᠢᠯᠡᠨ ᠪᠠᠢ᠌ᠴᠠᠭᠠᠭᠰᠠᠨ ᠴᠢᠬᠤᠯᠠ ᠶᠡᠬᠡ ᠠᠴᠢ ᠬᠤᠯᠪᠤᠭᠳ᠋ᠠᠯ ᠢ ᠭᠦᠨᠵᠡᠭᠡᠢ ᠲᠠᠨᠢᠨ᠂ ᠶᠡᠷᠦᠩᠬᠡᠢ ᠱᠦ᠋ᠵᠢ ᠰᠢ ᠵᠢᠨ ᠫᠢᠩ ᠦᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠦ᠂ ᠬᠦᠰᠡᠯᠡᠩ ᠢᠲᠡᠭᠡᠯ ᠪᠢᠰᠢᠷᠡᠯ ᠢᠶᠡᠨ ᠪᠠᠳ᠋ᠤᠳᠬᠠᠨ᠂ ᠶᠡᠷᠦᠩᠬᠡᠢ ᠱᠦ᠋ᠵᠢ ᠰᠢ ᠵᠢᠨ ᠫᠢᠩ ᠦᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠢ᠌ᠳ᠋ᠤᠷ ᠰᠤᠷᠤᠯᠴᠠᠬᠤ᠂ ᠤᠬᠠᠭᠤᠯᠬᠤ᠂ ᠲᠤᠭᠤᠰᠢᠯᠠᠭᠤᠯᠬᠤ ᠶᠢ ᠤᠳ᠋ᠤᠬᠠᠨ ᠤ ᠪᠠ ᠬᠤᠢ᠌ᠰᠢᠳ᠋ᠠ ᠶᠢᠨ ᠨᠢᠭᠡ ᠬᠡᠰᠡᠭ᠌ ᠬᠤᠭᠤᠴᠠᠭᠠᠨ ᠤ ᠴᠢᠬᠤᠯᠠ ᠶᠡᠬᠡ ᠶᠠᠪᠤᠳ᠋ᠠᠯ ᠪᠠ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠦ᠂ ᠶᠡᠷᠦᠩᠬᠡᠢ ᠱᠦ᠋ᠵᠢ ᠰᠢ ᠵᠢᠨ ᠫᠢᠩ ᠦᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠪᠤᠳ᠋ᠠᠳ᠋ᠤ ᠠᠵᠢᠯᠯᠠᠭ᠎ᠠ ᠶᠢ ᠲᠦ᠋ᠯᠬᠢᠨ ᠠᠬᠢᠭᠤᠯᠬᠤ ᠬᠡᠷᠡᠭ᠍ᠲᠡᠢ ᠭᠡᠵᠦ ᠵᠢᠭᠠᠵᠤ ᠭᠠᠷᠭᠠᠪᠠ᠃

ᠬᠤᠷᠠᠯ ᠲᠡᠭᠡᠷ᠎ᠠ ᠪᠠᠰᠠ《ᠬᠤᠰᠢᠭᠤᠨ ᠤ ᠰᠠᠬᠢᠯᠭ᠎ᠠ ᠪᠠᠲᠤ ᠪᠠᠢ᠌ᠴᠠᠭᠠᠬᠤ ᠬᠤᠷᠢᠶᠠᠨ ᠤ〈ᠰᠤᠷᠭᠠᠭᠤᠯᠢ ᠲᠠᠪᠰᠢᠭ᠍ᠰᠡᠨ ᠲᠠᠢ᠌ᠯᠠᠯᠭᠠ〉 ᠶᠢ ᠪᠠᠢ᠌ᠩᠭ᠋ᠤ ᠦᠷᠨᠢᠭᠦᠯᠬᠦ ᠲᠤᠰᠬᠠᠢ ᠵᠠᠰᠠᠯᠲᠠ ᠶᠢᠨ ᠠᠵᠢᠯ ᠤᠨ ᠰᠠᠨᠠᠭᠤᠯᠤᠮᠵᠢ》《ᠬᠣᠰᠢᠭᠤᠨ ᠤ ᠰᠠᠬᠢᠯᠭ᠎ᠠ ᠪᠠᠲᠤ ᠪᠠᠢ᠌ᠴᠠᠭᠠᠬᠤ ᠬᠤᠷᠢᠶᠠᠨ ᠤ〈ᠠᠷᠢᠬᠢᠨ ᠰᠢᠷᠡᠭᠡᠨ ᠦ ᠰᠤᠶᠤᠯ〉 ᠤᠨ ᠨᠡᠢ᠌ᠳ᠋ᠡᠯᠢᠭ᠌ ᠬᠡᠷᠡᠭ᠌ ᠦᠨ ᠵᠢᠱᠢᠶ᠎ᠠ ᠶᠢᠨ ᠲᠤᠬᠠᠢ ᠵᠠᠷᠯᠠᠯ》 ᠢ ᠤᠯᠠᠮᠵᠢᠯᠡᠨ ᠨᠡᠢ᠌ᠳ᠋ᠡᠯᠡᠪᠡ᠃ (ᠯᠸᠢ ᠫᠠᠩ)