ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠴᠢᠨᠳ᠋ᠠᠮᠤᠨᠢ ᠰᠤᠮᠤᠨ ᠳᠤ ᠬᠦᠷᠴᠦ ᠪᠠᠢ᠌ᠴᠠᠭᠠᠨ ᠰᠤᠳ᠋ᠤᠯᠪᠠ

6 ᠰᠠᠷ᠎ᠠ ᠶᠢᠨ 20 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠴᠢᠨᠳ᠋ᠠᠮᠤᠨᠢ ᠰᠤᠮᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢ ᠲᠡᠶ ᠬᠠᠷᠢᠯᠴᠠᠨ᠂ ᠰᠤᠮᠤ ᠶᠢᠨ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠦᠨ ᠪᠠᠷᠢᠯᠭ᠎ᠠ ᠡᠬᠢᠯᠡᠭ᠍ᠰᠡᠨ ᠪᠠ ᠠᠷᠠᠳ ᠤᠨ ᠲᠦ᠋ᠯᠦᠭᠡᠯᠡᠭ᠍ᠴᠢ ᠠᠵᠤ ᠦᠢᠯᠡᠰ ᠢ ᠬᠦᠭ᠍ᠵᠢᠭᠦᠯᠦᠨ ᠮᠠᠨᠳ᠋ᠤᠭᠤᠯᠬᠤ ᠶᠢ ᠬᠦᠳ᠋ᠦᠯᠦᠨ ᠲᠠᠭᠠᠭᠤᠯᠤᠭᠰᠠᠨ ᠪᠠᠢ᠌ᠳ᠋ᠠᠯ ᠢ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠦᠵᠡᠪᠡ᠃

ᠡᠦ ᠴᠢᠩ ᠬᠠᠢ ᠤᠷᠢᠳ ᠬᠣᠵᠢᠳ ᠴᠢᠨᠳ᠋ᠠᠮᠤᠨᠢ ᠰᠤᠮᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠦᠨ ᠪᠠᠶᠠᠨ ᠵᠢᠷᠦᠬᠡ ᠲᠡᠵᠢᠭᠡᠨ ᠦᠷᠡᠵᠢᠭᠦᠯᠬᠦ ᠬᠤᠷᠰᠢᠶᠠᠵᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠪᠠ ᠵᠢᠷᠤᠮᠳ᠋ᠦ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ᠂ ᠵᠢᠷᠠᠨᠬᠤᠸᠠᠷ ᠭᠠᠴᠠᠭᠠᠨ ᠤ ᠲᠦ᠋ᠯᠦᠭᠡᠯᠡᠭ᠍ᠴᠢ ᠲᠡᠶ ᠬᠠᠷᠢᠯᠴᠠᠬᠤ ᠥᠷᠳ᠋ᠡᠭᠡ᠂ ᠵᠢᠷᠠᠨᠬᠤᠸᠠᠷ ᠤᠯᠠᠭᠠᠨ ᠠᠮᠳ᠋ᠠᠳ᠋ᠤ ᠢᠳ᠋ᠡᠭᠡᠨ ᠦ ᠦᠢᠯᠡᠳᠪᠦᠷᠢ ᠵᠡᠷᠭᠡ ᠭᠠᠵᠠᠷ ᠲᠤ ᠬᠦᠷᠴᠦ᠂ ᠬᠤᠳ᠋ᠠ ᠶᠢᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠰᠢᠶᠤᠤ ᠬᠣᠩ ᠲᠡᠶ ᠬᠠᠷᠢᠯᠴᠠᠨ᠂ ᠠᠰᠠᠭᠤᠨ ᠯᠠᠪᠯᠠᠬᠤ᠂ ᠮᠠᠲ᠋ᠸᠷᠢᠶᠠᠯ ᠢ ᠪᠠᠢ᠌ᠴᠠᠭᠠᠨ ᠦᠵᠡᠬᠦ᠂ ᠲᠠᠨᠢᠯᠴᠠᠭᠤᠯᠭ᠎ᠠ ᠶᠢ ᠰᠤᠨᠤᠰᠬᠤ ᠵᠡᠷᠭᠡ ᠬᠡᠯᠪᠡᠷᠢ ᠪᠡᠷ ᠲᠠᠮᠵᠢᠨ᠂ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠢ ᠬᠡᠷᠡᠭ᠍ᠵᠢᠭᠦᠯᠦᠭ᠍ᠰᠡᠨ᠂《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠶᠢᠨ ᠪᠠᠢ᠌ᠭᠤᠯᠤᠯᠳ᠋ᠠ᠂ ᠠᠷᠠᠳ ᠤᠨ ᠲᠦ᠋ᠯᠦᠭᠡᠯᠡᠭ᠍ᠴᠢ ᠶᠢᠨ ᠪᠠᠭ᠎ᠠ ᠲᠤᠭᠤᠢ᠌ᠯᠠᠩ ᠤᠨ ᠠᠵᠢᠯᠯᠠᠭ᠎ᠠ ᠦᠷᠨᠢᠭᠦᠯᠦᠭ᠍ᠰᠡᠨ᠂ ᠠᠷᠠᠳ ᠤᠨ ᠲᠦ᠋ᠯᠦᠭᠡᠯᠡᠭ᠍ᠴᠢ ᠠᠵᠤ ᠦᠢᠯᠡᠰ ᠦᠨ ᠬᠦᠭ᠍ᠵᠢᠯᠳ᠋ᠡ ᠶᠢ ᠬᠦᠳ᠋ᠦᠯᠦᠨ ᠲᠠᠭᠠᠭᠤᠯᠤᠭᠰᠠᠨ ᠵᠡᠷᠭᠡ ᠪᠠᠢ᠌ᠳ᠋ᠠᠯ ᠢ ᠨᠠᠷᠢᠨ ᠤᠢ᠌ᠯᠠᠭᠠᠭᠰᠠᠨ ᠪᠦᠭᠡᠳ ᠤᠷᠤᠰᠢᠵᠤ ᠪᠠᠢ᠌ᠬᠤ ᠠᠰᠠᠭᠤᠳ᠋ᠠᠯ ᠪᠠ ᠬᠦᠷᠦᠯᠴᠡᠬᠦ ᠦᠭᠡᠶ ᠲᠠᠯ᠎ᠠ ᠳᠤ ᠰᠠᠨᠠᠯ ᠰᠠᠨᠠᠭᠤᠯᠭ᠎ᠠ ᠲᠤᠷᠠᠳᠪᠠ᠃
     ᠡᠦ ᠴᠢᠩ ᠬᠠᠢ ᠡᠴᠡ᠂ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠦᠨ ᠪᠠᠷᠢᠯᠭ᠎ᠠ ᠡᠬᠢᠯᠡᠬᠦ ᠪᠦᠳ᠋ᠦᠭᠡᠨ ᠪᠠᠢ᠌ᠭᠤᠯᠬᠤ ᠠᠵᠢᠯ ᠢ ᠰᠠᠢ᠌ᠳ᠋ᠤᠷ ᠬᠢᠵᠦ᠂ ᠲᠤᠬᠠᠢ ᠶᠢᠨ ᠵᠢᠯ ᠳ᠋ᠦ ᠲᠥᠷᠥᠯ ᠵᠦ᠋ᠢᠯ ᠦᠨ ᠪᠠᠷᠢᠯᠭ᠎ᠠ ᠲᠠᠭᠤᠰᠬᠤ ᠶᠢ ᠪᠠᠲᠤᠯᠠᠨ᠂ ᠤᠯᠠᠨ ᠲᠦ᠋ᠮᠡᠨ ᠦ ᠪᠤᠳ᠋ᠠᠳ᠋ᠠᠢ ᠬᠦᠴᠢᠷᠳ᠋ᠡᠯ ᠢ ᠦᠨᠡᠨᠬᠦ ᠰᠢ᠌ᠳᠪᠦᠷᠢᠯᠡᠵᠦ ᠥᠭ᠍ᠭᠥ ᠬᠡᠷᠡᠭ᠍ᠳ᠋ᠡᠢ᠃ 《ᠨᠢ᠋ᠮᠠ ᠪᠠᠢ᠌ᠬᠤ》 ᠪᠠᠷᠢᠮᠵᠢᠶ᠎ᠠ ᠶᠤᠰᠤᠭᠠᠷ 《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 (ᠥᠷᠳ᠋ᠡᠭᠡ᠂ ᠴᠡᠭ᠌) ᠶᠢ ᠴᠢᠨᠠᠷ ᠰᠠᠢ᠌ᠲᠠᠢ ᠪᠦᠳ᠋ᠦᠭᠡᠨ ᠪᠠᠢ᠌ᠭᠤᠯᠵᠦ᠂ ᠭᠡᠷ᠂ ᠥᠷᠳ᠋ᠡᠭᠡ ᠶᠢᠨ ᠲᠠᠪᠴᠠᠩ ᠤᠨ ᠦᠢᠯᠡᠳ᠋ᠦᠯ ᠢ ᠰᠠᠢ᠌ᠳ᠋ᠤᠷ ᠠᠰᠢᠭᠯᠠᠨ᠂ ᠲᠦ᠋ᠯᠦᠭᠡᠯᠡᠭ᠍ᠴᠢ ᠶᠢᠨ ᠰᠤᠷᠤᠯᠴᠠᠯᠭ᠎ᠠ ᠪᠤᠯᠪᠠᠰᠤᠷᠠᠭᠤᠯᠤᠯ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯᠯᠠᠭ᠎ᠠ ᠶᠢ ᠵᠤᠬᠢᠶᠠᠨ ᠪᠠᠢ᠌ᠭᠤᠯᠤᠨ ᠦᠷᠨᠢᠭᠦᠯᠵᠦ᠂ ᠤᠯᠠᠨ ᠲᠦ᠋ᠮᠡᠨ ᠦ ᠤᠢ᠌ᠯᠠᠭᠠᠬᠤ ᠨᠤᠷᠮ᠎ᠠ ᠪᠠ ᠬᠠᠨᠤᠮᠵᠢ ᠶᠢᠨ ᠬᠡᠮᠵᠢᠶ᠎ᠠ ᠶᠢ ᠤᠯᠠᠮ ᠨᠢᠭᠡ ᠠᠯᠬᠤᠮ ᠲᠡᠭᠡᠭ᠍ᠰᠢᠯᠡᠭᠦᠯᠬᠦ ᠬᠡᠷᠡᠭ᠍ᠲᠡᠢ ᠭᠡᠵᠦ ᠬᠡᠯᠡᠪᠡ᠃

  ᠬᠤᠳ᠋ᠠ ᠶᠢᠨ ᠨᠠᠮ ᠤᠨ ᠬᠤᠷᠢᠶᠠᠨ ᠤ《ᠪᠦᠬᠦ ᠬᠤᠳ᠋ᠠ ᠳ᠋ᠦ ᠶᠡᠬᠡᠪᠡᠷ ᠪᠠᠢ᠌ᠴᠠᠭᠠᠨ ᠰᠤᠳ᠋ᠤᠯᠤᠯᠳ᠋ᠠ ᠦᠷᠨᠢᠭᠦᠯᠬᠦ ᠲᠤᠬᠠᠢ ᠬᠡᠷᠡᠭ᠍ᠵᠢᠭᠦᠯᠬᠦ ᠲᠥᠰᠥᠯ》 ᠶᠢᠨ ᠬᠠᠮᠢᠶ᠎ᠠ ᠪᠦᠬᠦᠢ ᠱᠠᠭᠠᠷᠳ᠋ᠠᠯᠭ᠎ᠠ ᠶᠤᠰᠤᠭᠠᠷ᠂ ᠡᠦ ᠴᠢᠩ ᠬᠠᠢ ᠴᠢᠨᠳ᠋ᠠᠮᠤᠨᠢ ᠡᠷᠡᠭᠦᠯ ᠬᠠᠮᠠᠭᠠᠯᠠᠯ ᠤᠨ ᠬᠣᠷᠢᠶ᠎ᠠ ᠳᠤ ᠬᠦᠷᠴᠦ ᠦᠨᠳ᠋ᠦᠰᠦᠨ ᠱᠠᠳ᠋ᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ ᠳᠤ ᠪᠠᠢ᠌ᠴᠠᠭᠠᠨ ᠰᠤᠳ᠋ᠤᠯᠤᠯᠳ᠋ᠠ ᠬᠢᠪᠡ᠃ (ᠯᠸᠢ ᠫᠠᠩ)

ᠡᠮᠦᠨᠡᠬᠢ᠄ ᠲᠦ᠋ᠩᠯᠢᠶᠤᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠵᠠᠷᠤᠳ ᠬᠣᠰᠢᠭᠤᠨ ᠳᠤ ᠬᠦᠷᠴᠦ ᠬᠠᠦᠯᠢ ᠴᠠᠭᠠᠵᠠ ᠶᠢᠨ ᠬᠢᠨᠠᠯᠳ᠋ᠠ ᠲᠠᠯᠪᠢᠬᠤ ᠠᠵᠢᠯ ᠳ᠋ᠦ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠪᠡ
ᠳᠠᠷᠠᠭᠠᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠤᠰᠢᠭᠤᠨ ᠱᠠᠳ᠋ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠦᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ ᠳᠤ ᠲᠤᠰᠬᠠᠢ ᠰᠡᠳ᠋ᠦᠪᠳ᠋ᠦ ᠲᠤᠭᠤᠷᠢᠨ ᠪᠠᠢ᠌ᠴᠠᠭᠠᠯᠳ᠋ᠠ ᠬᠢᠪᠡ