ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠰᠤᠷᠤᠯᠴᠠᠬᠤ ᠭᠣᠣᠯ ᠲᠤᠭᠤᠢ᠌ᠯᠠᠩ  2023 ᠣᠨ ᠤ ᠵᠢᠷᠭᠤᠳ᠋ᠤᠭᠠᠷ ᠣᠳ᠋ᠠᠭᠠᠨ ᠤ ᠬᠠᠮᠳ᠋ᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠪᠠ


     6 ᠰᠠᠷ᠎ᠠ ᠶᠢᠨ 21 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ 2023 ᠣᠨ ᠤ ᠵᠢᠷᠭᠤᠳ᠋ᠤᠭᠠᠷ ᠣᠳ᠋ᠠᠭᠠᠨ ᠤ ᠬᠠᠮᠳ᠋ᠤ ᠶᠢᠨ ᠰᠤᠷᠤᠯᠴᠠᠯᠭ᠎ᠠ ᠶᠢᠨ (ᠦᠷᠭᠡᠳᠭᠡᠭ᠍ᠰᠡᠨ) ᠬᠤᠷᠠᠯ ᠬᠤᠷᠠᠯᠳ᠋ᠤᠭᠤᠯᠤᠨ᠂ ᠶᠡᠷᠦᠩᠬᠡᠢ ᠱᠦ᠋ᠵᠢ ᠰᠢ ᠵᠢᠨ ᠫᠢᠩ ᠦᠨ ᠡᠯᠡᠰᠦᠷᠭᠡᠭ᠍ᠵᠢᠯ ᠢ ᠶᠡᠷᠦᠩᠬᠡᠢ᠌ᠯᠡᠨ ᠵᠠᠰᠠᠬᠤ ᠶᠢ ᠴᠢᠩᠭ᠋ᠠᠳᠬᠠᠬᠤ ᠪᠠ 《ᠤᠮᠠᠷᠠᠳ᠋ᠤ ᠶᠢᠨ ᠭᠤᠷᠪᠠᠨ ᠤᠷᠤᠨ》ᠵᠡᠷᠭᠡ ᠭᠤᠤᠯᠳ᠋ᠠᠯᠭ᠎ᠠ ᠲᠡᠶ ᠠᠮᠢ ᠠᠬᠤᠢ ᠶᠢᠨ ᠢᠨᠵᠢᠨᠧᠷᠢᠩ ᠦᠨ ᠪᠦᠳ᠋ᠦᠭᠡᠨ ᠪᠠᠢ᠌ᠭᠤᠯᠤᠯᠳ᠋ᠠ ᠶᠢ ᠠᠬᠢᠭᠤᠯᠬᠤ ᠶᠠᠷᠢᠯᠴᠠᠬᠤ ᠬᠤᠷᠠᠯ ᠲᠡᠭᠡᠷᠡᠬᠢ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠦᠪᠦᠷ ᠮᠤᠩᠭ᠋ᠤᠯ ᠳᠤ ᠬᠢᠯᠢ ᠶᠢᠨ ᠬᠠᠮᠢᠶᠠᠷᠤᠯᠳ᠋ᠠ ᠡᠵᠡᠮᠳ᠋ᠡᠯ ᠪᠣᠯᠤᠨ ᠬᠢᠯᠢ ᠶᠢᠨ ᠬᠠᠮᠠᠭᠠᠯᠠᠯᠳ᠋ᠠ ᠶᠢᠨ ᠴᠡᠷᠢᠭ᠌ ᠠᠩᠭᠢ ᠶᠢᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ ᠢ ᠪᠠᠢ᠌ᠴᠠᠭᠠᠨ ᠰᠤᠳ᠋ᠤᠯᠬᠤ ᠥᠶ᠎ᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦ᠋ᠵᠢ ᠰᠢ ᠵᠢᠨ ᠫᠢᠩ ᠦᠨ ᠦᠪᠥᠷ ᠮᠤᠩᠭ᠋ᠤᠯ ᠢ ᠲᠤᠭᠤᠷᠢᠨ ᠪᠠᠢ᠌ᠴᠠᠭᠠᠬᠤ ᠥᠶ᠎ᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠦᠨ ᠤᠯᠤᠰ ᠲᠥᠷᠥ ᠶᠢᠨ ᠲᠤᠪᠴᠢᠶᠡᠨ ᠤ ᠲᠠᠪᠤᠳ᠋ᠤᠭᠠᠷ ᠤᠳ᠋ᠠᠭᠠᠨ ᠤ ᠬᠠᠮᠳ᠋ᠤ ᠶᠢᠨ ᠰᠤᠷᠤᠯᠴᠠᠯᠭ᠎ᠠ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠰᠦ᠋ᠨ ᠱᠤᠤ ᠴᠸᠩ ᠤᠨ ᠪᠦᠬᠦ ᠤᠷᠤᠨ ᠤ ᠤᠳ᠋ᠤᠷᠢᠳ᠋ᠤᠯᠭ᠎ᠠ ᠺᠠᠳ᠋ᠷᠴᠤᠳ ᠤᠨ ᠶᠡᠬᠡ ᠬᠤᠷᠠᠯ ᠲᠡᠭᠡᠷᠡᠬᠢ ᠶᠠᠷᠢᠶ᠎ᠠ ᠶᠢᠨ ᠲᠤᠭᠤᠷᠢᠨ ᠳᠤ ᠲᠤᠰᠬᠠᠢ ᠰᠡᠳ᠋ᠦᠪᠳ᠋ᠦ ᠰᠤᠷᠤᠯᠴᠠᠯᠭ᠎ᠠ ᠬᠢᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠡᠷ ᠲᠡᠭᠡᠨ ᠪᠠᠢ᠌ᠭ᠎ᠠ ᠭᠠᠵᠠᠷ ᠤᠨ ᠲᠡᠰ ᠦᠨ ᠤᠳ᠋ᠤᠷᠢᠳ᠋ᠤᠯᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠦᠷᠢᠯᠳ᠋ᠦᠭᠦᠨ ᠭᠡᠰᠢᠭᠦᠨ ᠵᠢᠴᠢ ᠡᠯ᠎ᠠ ᠠᠵᠢᠯ ᠤᠨ ᠵᠦ᠋ᠪᠯᠡᠯ ᠦᠨ ᠡᠷᠬᠢᠯᠡᠭ᠍ᠴᠢ ᠤᠷᠤᠯᠴᠠᠪᠠ᠃ ᠬᠤᠷᠠᠯ ᠢ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠢ ᠡᠷᠬᠢᠯᠡᠪᠡ᠃

       
        ᠬᠤᠷᠠᠯ ᠡᠴᠡ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠡᠷᠦᠩᠬᠡᠢ ᠱᠦ᠋ᠵᠢ ᠰᠢ ᠵᠢᠨ ᠫᠢᠩ ᠦᠨ ᠦᠪᠦᠷ ᠮᠤᠩᠭ᠋ᠤᠯ ᠳᠤ ᠲᠤᠭᠤᠷᠢᠨ ᠪᠠᠢ᠌ᠴᠠᠭᠠᠬᠤ ᠥᠶ᠎ᠠ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦ᠋ᠵᠢ ᠰᠢ ᠵᠢᠨ ᠫᠢᠩ ᠦᠨ ᠦᠪᠦᠷ ᠮᠣᠩᠭ᠋ᠤᠯ ᠳᠤ ᠲᠤᠭᠤᠷᠢᠨ ᠪᠠᠢ᠌ᠴᠠᠭᠠᠭᠰᠠᠨ ᠴᠢᠬᠤᠯᠠ ᠠᠴᠢ ᠬᠤᠯᠪᠤᠭᠳ᠋ᠠᠯ ᠢ ᠭᠦᠢᠴᠡᠳ ᠲᠠᠨᠢᠵᠦ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠤᠰ ᠪᠡᠶ᠎ᠠ ᠶᠢᠨ ᠡᠭᠦᠷᠭᠡ ᠬᠠᠷᠢᠭᠤᠴᠯᠠᠭ᠎ᠠ ᠳᠠᠭᠠᠨ ᠰᠠᠭᠤᠷᠢᠯᠡᠵᠦ᠂ ᠬᠢᠨᠠᠯᠳ᠋ᠠ ᠲᠠᠯᠪᠢᠬᠤ ᠠᠵᠢᠯ᠂ ᠲᠦ᠋ᠯᠦᠭᠡᠯᠡᠭ᠍ᠴᠢ ᠶᠢᠨ ᠠᠵᠢᠯ ᠤᠨ ᠲᠤᠭᠤᠷᠢᠨ ᠳᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠴᠢᠨᠠᠷ ᠴᠢᠨᠰᠠᠭ᠎ᠠ ᠪᠠ ᠬᠢᠷᠢ ᠲᠥᠪᠰᠢᠨ ᠢ ᠪᠦᠬᠦ ᠲᠠᠯ᠎ᠠ ᠪᠠᠷ ᠲᠡᠭᠡᠭ᠍ᠰᠢᠯᠡᠭᠦᠯᠬᠦ ᠬᠡᠷᠡᠭ᠍ᠲᠡᠢ ᠭᠡᠵᠦ ᠴᠢᠩᠭ᠋ᠠᠳᠬᠠᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠡᠷᠦᠩᠬᠡᠢ ᠱᠦ᠋ᠵᠢ ᠰᠢ ᠵᠢᠨ ᠫᠢᠩ ᠦᠪᠦᠷ ᠮᠤᠩᠭ᠋ᠤᠯ ᠳᠤ ᠰᠢᠨᠵᠢᠯᠡᠨ ᠪᠠᠢ᠌ᠴᠠᠭᠠᠭᠰᠠᠨ ᠬᠤᠭᠤᠴᠠᠭᠠᠨ ᠳ᠋ᠠᠬᠢ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠢ ᠰᠡᠳ᠋ᠦᠪ ᠶᠢᠡᠷ ᠰᠤᠷᠤᠯᠴᠠᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠲᠤᠰᠬᠠᠢ ᠰᠡᠳ᠋ᠦᠪᠳ᠋ᠦ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠪᠠ