ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠲᠤᠰᠬᠠᠢ ᠰᠡᠳ᠋ᠦᠪᠳ᠋ᠦ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠪᠠ

     6 ᠰᠠᠷ᠎ᠠ ᠶᠢᠨ 25 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠲᠤᠰᠬᠠᠢ ᠰᠡᠳ᠋ᠦᠪᠳ᠋ᠦ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠵᠦ᠂ ᠵᠸᠵᠢᠶᠠᠩ ᠤᠨ《ᠮᠢᠩᠭ᠎ᠠ ᠲᠦ᠋ᠮᠡ ᠶᠢᠨ ᠢᠨᠵᠢᠨᠧᠷᠢᠩ》 ᠤᠨ ᠲᠤᠷᠰᠢᠯᠭ᠎ᠠ ᠶᠢᠨ ᠬᠡᠷᠡᠭ᠌ ᠦᠨ ᠵᠢᠱᠢᠶ᠎ᠠ ᠶᠢ ᠲᠤᠰᠬᠠᠢ ᠰᠡᠳ᠋ᠦᠪ ᠶᠢᠡᠷ ᠰᠤᠷᠤᠯᠴᠠᠵᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠢ ᠲᠤᠰᠬᠠᠢ ᠰᠡᠳ᠋ᠦᠪᠳ᠋ᠦ ᠰᠤᠷᠤᠯᠴᠠᠯᠭ᠎ᠠ ᠳᠤ ᠤᠷᠤᠯᠴᠠᠪᠠ᠃

       
        ᠬᠤᠷᠠᠯ ᠡᠴᠡ᠂ ᠪᠦᠬᠦ ᠺᠠᠳ᠋ᠷ ᠠᠵᠢᠯᠳ᠋ᠡᠨ ᠬᠡᠷᠡᠭ᠌ ᠦᠨ ᠵᠢᠱᠢᠶ᠎ᠠ ᠶᠢᠨ ᠤᠭᠢ ᠰᠤᠳ᠋ᠥ ᠶᠢ ᠭᠦᠨᠵᠡᠭᠡᠢ ᠡᠵᠡᠮᠰᠢᠨ᠂《ᠮᠢᠩᠭ᠎ᠠ ᠲᠦ᠋ᠮᠡ ᠶᠢᠨ ᠢᠨᠵᠢᠨᠧᠷᠢᠩ》 ᠦᠨ ᠲᠤᠷᠰᠢᠯᠭ᠎ᠠ ᠶᠢᠨ ᠰᠤᠷᠤᠯᠴᠠᠯᠭ᠎ᠠ ᠶᠢ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠡᠯ᠎ᠠ ᠵᠦ᠋ᠢᠯ ᠦᠨ ᠠᠵᠢᠯ ᠦᠷᠨᠢᠭᠦᠯᠬᠦ ᠳᠤ ᠠᠮᠢᠳ᠋ᠤᠯᠢᠭ ᠵᠢᠭᠠᠬᠤ ᠮᠠᠲ᠋ᠸᠷᠢᠶᠠᠯ ᠪᠣᠯᠭᠠᠵᠦ᠂ ᠪᠠᠢ᠌ᠴᠠᠭᠠᠨ ᠰᠤᠳ᠋ᠤᠯᠤᠯᠳ᠋ᠠ ᠬᠢᠭᠦ ᠰᠤᠷᠳ᠋ᠠᠯ ᠢ ᠶᠡᠬᠡᠪᠡᠷ ᠪᠠᠳ᠋ᠠᠷᠠᠭᠤᠯᠤᠨ᠂ ᠠᠷᠠᠳ ᠲᠦ᠋ᠮᠡᠨ ᠶᠢᠡᠷ ᠭᠣᠤᠯ ᠪᠣᠯᠭᠠᠬᠤ ᠬᠦᠭ᠍ᠵᠢᠯᠳ᠋ᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳ᠋ᠦᠯᠭᠡᠵᠢᠭᠦᠯᠵᠦ᠂《ᠮᠢᠩᠭ᠎ᠠ ᠲᠦ᠋ᠮᠡ ᠶᠢᠨ  ᠢᠨᠵᠢᠨᠧᠷᠢᠩ》 ᠤᠨ ᠰᠤᠩᠭ᠋ᠤᠳ᠋ᠠᠭ ᠬᠡᠷᠡᠭ᠌ ᠦᠨ ᠵᠢᠱᠢᠶ᠎ᠠ ᠶᠢᠨ《ᠵᠢᠩᠭᠢᠨᠢ ᠨᠣᠮ》 ᠶᠢ ᠰᠤᠷᠴᠦ ᠡᠵᠡᠮᠰᠢᠨ᠂ ᠪᠦᠬᠦ ᠺᠠᠳ᠋ᠷ ᠠᠵᠢᠯᠳ᠋ᠡᠨ ᠢ ᠬᠦᠮᠦᠵᠢᠭᠦᠯᠦᠨ ᠵᠤᠷᠢᠬᠵᠢᠭᠤᠯᠵᠦ ᠬᠠᠷᠢᠭᠤᠴᠠᠯᠭ᠎ᠠ ᠡᠭᠦᠷᠭᠡᠯᠡᠯ  ᠢᠶᠡᠨ ᠴᠢᠩᠭ᠋ᠠᠳᠬᠠᠵᠦ᠂ ᠴᠢᠳ᠋ᠠᠪᠤᠷᠢ ᠪᠠᠨ ᠲᠡᠭᠡᠭ᠍ᠰᠢᠯᠡᠭᠦᠯᠦᠨ᠂ ᠦᠢᠯᠡᠴᠢᠯᠡᠭᠡᠨ ᠦ ᠰᠢᠨ᠎ᠠ ᠶᠢ ᠡᠭᠦᠳᠬᠦ ᠶᠢ ᠠᠬᠢᠭᠤᠯᠵᠦ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠵᠢᠴᠢ ᠲᠡᠭᠦᠨ ᠦ ᠪᠠᠢ᠌ᠩᠭ᠋ᠤ ᠶᠢᠨ ᠬᠤᠷᠢᠶ᠎ᠠ ᠶᠢᠨ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳ᠋ᠦ ᠰᠢᠯᠢᠳ᠋ᠡᠭ᠌ ᠴᠢᠨᠠᠷ ᠰᠠᠢ᠌ᠲᠠᠢ ᠥᠨᠳ᠋ᠦᠷ ᠥᠷ᠎ᠠ ᠠᠰᠢᠬᠳ᠋ᠦ ᠦᠢᠯᠡᠴᠢᠯᠡᠭᠡᠨ ᠦ ᠪᠠᠳ᠋ᠤᠯᠠᠭ᠎ᠠ ᠬᠠᠩᠭ᠋ᠠᠬᠤ ᠬᠡᠷᠡᠭ᠍ᠳ᠋ᠡᠢ ᠭᠡᠵᠦ ᠴᠢᠬᠤᠯᠠᠴᠢᠯᠠᠪᠠ᠃
         ᠬᠤᠷᠠᠯ ᠲᠡᠭᠡᠷ᠎ᠠ ᠪᠠᠰᠠ ᠬᠣᠰᠢᠭᠤᠨ ᠤ ᠰᠠᠬᠢᠯᠭ᠎ᠠ ᠪᠠᠲᠤ ᠪᠠᠢ᠌ᠴᠠᠭᠠᠬᠤ ᠬᠤᠷᠢᠶᠠᠨ ᠤ《ᠲᠥᠪ ᠦᠨ ᠨᠢ᠋ᠮᠠᠨ ᠲᠤᠭᠳ᠋ᠠᠭᠠᠯ ᠤᠨ ᠵᠣᠷᠢᠭ ᠰᠠᠨᠠᠭ᠎ᠠ ᠶᠢ ᠵᠦ᠋ᠷᠢᠴᠡᠭ᠍ᠰᠡᠨ ᠨᠡᠢ᠌ᠳ᠋ᠡᠯᠢᠭ᠌ ᠬᠡᠷᠡᠭ᠌ ᠦᠨ ᠵᠢᠱᠢᠶ᠎ᠠ ᠶᠢᠨ ᠵᠠᠷᠯᠠᠯ》 ᠢ ᠨᠡᠢ᠌ᠳ᠋ᠡᠯᠡᠪᠡ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠰᠤᠷᠤᠯᠴᠠᠬᠤ ᠭᠣᠣᠯ ᠲᠤᠭᠤᠢ᠌ᠯᠠᠩ  2023 ᠣᠨ ᠤ ᠵᠢᠷᠭᠤᠳ᠋ᠤᠭᠠᠷ ᠣᠳ᠋ᠠᠭᠠᠨ ᠤ ᠬᠠᠮᠳ᠋ᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ《7·1》 ᠢ ᠪᠡᠯᠭᠡᠯᠡᠬᠦ ᠭᠣᠤᠯ ᠰᠡᠳ᠋ᠦᠪᠳ᠋ᠦ ᠨᠠᠮ ᠤᠨ ᠡᠳ᠋ᠦᠷ ᠦᠨ ᠠᠵᠢᠯᠯᠠᠭ᠎ᠠ ᠦᠷᠨᠢᠭᠦᠯᠪᠡ