ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ《7·1》 ᠢ ᠪᠡᠯᠭᠡᠯᠡᠬᠦ ᠭᠣᠤᠯ ᠰᠡᠳ᠋ᠦᠪᠳ᠋ᠦ ᠨᠠᠮ ᠤᠨ ᠡᠳ᠋ᠦᠷ ᠦᠨ ᠠᠵᠢᠯᠯᠠᠭ᠎ᠠ ᠦᠷᠨᠢᠭᠦᠯᠪᠡ

     ᠲᠣᠮᠳ᠋ᠠᠳ᠋ᠤ ᠣᠯᠤᠰ ᠤᠨ ᠡᠪ ᠬᠠᠮᠳ᠋ᠤ ᠨᠠᠮ ᠪᠠᠢ᠌ᠭᠤᠯᠤᠭᠳ᠋ᠠᠭᠰᠠᠨ 102 ᠵᠢᠯ ᠦᠨ ᠤᠢ ᠶᠢ ᠪᠠᠶᠠᠷᠯᠠᠨ ᠤᠭᠳ᠋ᠤᠬᠤ ᠶᠢᠨ ᠲᠦ᠋ᠯᠦᠭᠡ᠂ 6 ᠰᠠᠷ᠎ᠠ ᠶᠢᠨ 29 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠦ 《ᠬᠤᠪᠢᠰᠬᠠᠯᠳ᠋ᠦ ᠤᠯᠠ ᠮᠥᠷ · ᠢᠲᠡᠭᠡᠯ ᠪᠢᠰᠢᠷᠡᠯ ᠦᠨ ᠵᠠᠮ ᠶᠢᠡᠷ〈ᠵᠠᠮᠨᠠᠬᠤ〉ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ》 ᠤᠨ ᠭᠣᠤᠯ ᠰᠡᠳ᠋ᠦᠪᠳ᠋ᠦ ᠨᠠᠮ ᠤᠨ ᠡᠳ᠋ᠦᠷ ᠦᠨ ᠠᠵᠢᠯᠯᠠᠭ᠎ᠠ ᠦᠷᠨᠢᠭᠦᠯᠪᠡ᠃ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠤᠷᠤᠯᠴᠠᠪᠠ᠃

       

     ᠨᠠᠮ ᠤᠨ ᠭᠡᠰᠢᠭᠦᠨ ᠺᠠᠳ᠋ᠷᠴᠤᠳ ᠤᠷᠢᠳ ᠬᠣᠵᠢᠳ ᠵᠠᠷᠤᠳ ᠬᠣᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠳ᠋ᠠ ᠶᠢᠨ ᠬᠦᠮᠦᠵᠢᠯ ᠦᠨ ᠦᠵᠡᠭᠦᠯᠭᠡ ᠶᠢᠨ ᠲᠢᠩᠭᠢᠮ᠂ ᠵᠢᠷᠦᠬᠡ ᠪᠠᠯᠭᠠᠰᠤᠨ ᠤ ᠨᠠᠮ ᠤᠨ ᠲᠤᠭ ᠤᠨ ᠬᠡᠷᠡᠮ᠂ ᠵᠢᠷᠦᠬᠡ ᠪᠠᠯᠭᠠᠰᠤᠨ ᠤ ᠪᠡᠭᠡᠵᠢᠩ ᠦᠨ ᠰᠡᠭᠡᠭᠡᠳ᠋ᠡᠨ ᠦ ᠲᠤᠷᠠᠰᠬᠠᠯ ᠤᠨ ᠣᠷᠳ᠋ᠤᠨ᠂ ᠰᠢᠶᠠᠩᠱᠠᠨ ᠲᠠᠷᠢᠶᠠᠯᠠᠩ ᠤᠨ ᠲᠠᠯᠠᠪᠠᠢ ᠶᠢᠨ ᠮᠠᠦ ᠽᠸ ᠳ᠋ᠦ᠋ᠩ ᠦᠨ ᠬᠦᠷᠦᠭ᠌ ᠢ ᠨᠠᠨᠳ᠋ᠢᠩᠨᠠᠨ ᠬᠠᠳ᠋ᠠᠭᠠᠯᠠᠬᠤ ᠣᠷᠳ᠋ᠤᠨ ᠵᠡᠷᠭᠡ ᠭᠠᠵᠠᠷ ᠲᠤ ᠬᠦᠷᠴᠦ᠂ ᠬᠣᠪᠢᠰᠬᠠᠯ ᠤᠨ ᠪᠠᠭᠠᠳ᠋ᠤᠷᠴᠤᠳ ᠤᠨ ᠦᠯᠢᠭᠡᠷ ᠢ ᠰᠤᠨᠤᠰᠤᠨ᠂ ᠤᠭ ᠰᠠᠨᠠᠭ᠎ᠠ ᠪᠠ ᠢᠲᠡᠭᠡᠯ ᠪᠢᠰᠢᠷᠡᠯ ᠦᠨ ᠬᠦᠴᠦᠨ ᠢ ᠤᠢ᠌ᠯᠠᠭᠠᠪᠠ᠃ ᠵᠢᠷᠦᠭᠡ ᠪᠠᠯᠭᠠᠰᠤᠨ ᠤ ᠨᠠᠮ ᠤᠨ ᠲᠣᠭ ᠤᠨ ᠬᠡᠷᠡᠮ ᠦᠨ ᠡᠮᠦᠨ᠎ᠠ᠂ ᠨᠠᠮ ᠳᠤ ᠤᠷᠤᠬᠣ ᠲᠠᠩᠭ᠋ᠠᠷᠢᠭ ᠤᠨ ᠦᠭᠡᠰ ᠢ ᠲᠠᠬᠢᠨ ᠡᠷᠭᠢᠴᠡᠭᠦᠯᠪᠡ᠃

       

      ᠪᠦᠬᠦ ᠨᠠᠮ ᠤᠨ ᠭᠡᠰᠢᠭᠦᠨ ᠺᠠᠳ᠋ᠷ ᠡᠴᠡ᠂ ᠲᠤᠰ ᠤᠳ᠋ᠠᠭᠠᠨ ᠤ ᠨᠠᠮ ᠤᠨ ᠡᠳ᠋ᠦᠷ ᠦᠨ ᠠᠵᠢᠯᠯᠠᠭ᠎ᠠ ᠪᠣᠯ ᠨᠢᠭᠡᠨ ᠤᠳ᠋ᠠᠭᠠᠨ ᠤ ᠭᠦᠨ ᠭᠦᠨᠵᠡᠭᠡᠢ ᠨᠠᠮᠴᠢ ᠴᠢᠨᠠᠷ ᠤᠨ ᠬᠦᠮᠦᠵᠢᠯ ᠪᠤᠯᠤᠨ ᠤᠶᠤᠨ ᠰᠠᠨᠠᠭᠠᠨ ᠤ ᠤᠬᠢᠶᠠᠯ ᠬᠥᠷᠳ᠋ᠡᠪᠡ᠃ ᠤᠳ᠋ᠤᠬᠠᠨ ᠤ ᠵᠣᠯ ᠵᠢᠷᠭᠠᠯᠳ᠋ᠦ ᠠᠮᠢᠳ᠋ᠤᠷᠠᠯ ᠪᠣᠯ ᠬᠢᠯᠪᠠᠷ ᠪᠣᠰᠤ ᠶᠢᠡᠷ ᠢᠷᠡᠭ᠍ᠰᠡᠨ ᠶᠤᠮ᠂ ᠠᠬᠠᠮᠠᠡᠳ ᠬᠤᠪᠢᠰᠬᠠᠯᠴᠢᠳ ᠶᠢᠡᠷ ᠲᠠᠭᠤᠷᠢᠶᠠᠯ ᠪᠣᠯᠭᠠᠨ᠂ ᠠᠷᠢᠭᠤᠨ ᠴᠢᠭᠡᠴᠢ ᠣᠣᠷ ᠴᠢᠨᠠᠷ ᠶᠢᠡᠨ ᠡᠭᠦᠷᠢᠳ᠋ᠡ ᠪᠠᠲᠤᠯᠠᠵᠦ᠂ ᠲᠤᠬᠠᠢ᠌ᠯᠠᠭᠰᠠᠨ ᠠᠵᠢᠯ ᠤᠨ ᠰᠠᠭᠤᠷᠢ ᠪᠠᠨ ᠪᠡᠬᠢᠵᠢᠭᠦᠯᠦᠨ᠂ ᠠᠬᠠᠮᠠᠳ ᠬᠤᠪᠢᠰᠬᠠᠯᠴᠢᠳ ᠢ ᠲᠤᠷᠠᠰᠤᠨ ᠰᠠᠨᠠᠭᠠᠯᠵᠠᠬᠤ ᠪᠠ ᠡᠷᠬᠢᠮ ᠲᠡᠭᠡᠳ᠋ᠦ ᠬᠦᠨᠳ᠋ᠦᠳᠭᠡᠯ ᠪᠢᠰᠢᠷᠡᠯ  ᠢᠶᠡᠨ ᠪᠣᠳ᠋ᠠᠳ᠋ᠤ ᠠᠵᠢᠯᠯᠠᠭ᠎ᠠ ᠪᠣᠯᠭᠠᠨ ᠬᠤᠪᠢᠷᠠᠭᠤᠯᠵᠦ᠂ ᠤᠯᠠᠨ ᠲᠦ᠋ᠮᠡᠨ ᠲᠡᠶ ᠨᠢᠬᠲᠠ ᠬᠠᠷᠢᠯᠴᠠᠨ᠂ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠪᠦᠬᠦ ᠬᠣᠰᠢᠭᠤᠨ ᠤ ᠠᠵᠤ ᠠᠬᠤᠢ ᠨᠡᠢ᠌ᠭᠡᠮ ᠦᠨ ᠦᠨᠳ᠋ᠦᠷ ᠥᠷ᠎ᠠ ᠠᠰᠢᠬᠳ᠋ᠦ ᠬᠦᠭ᠍ᠵᠢᠯᠳ᠋ᠡ ᠳ᠋ᠦ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠤᠶᠤᠨ ᠤᠬᠠᠭᠠᠨ ᠪᠠ ᠬᠦᠴᠦᠨ ᠴᠢᠳ᠋ᠠᠯ ᠶᠢᠡᠨ ᠡᠷᠭᠦᠨ᠎ᠠ ᠭᠡᠵᠦ ᠢᠯᠡᠷᠬᠡᠢ᠌ᠯᠡᠵᠡᠭᠡᠪᠡ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠲᠤᠰᠬᠠᠢ ᠰᠡᠳ᠋ᠦᠪᠳ᠋ᠦ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠪᠠᠢ᠌ᠬᠤ ᠦᠭᠡᠢ᠃