ᠤᠳᠤ ᠶᠢᠨ ᠪᠠᠢ᠌ᠷᠢ᠄ ᠴᠢᠬᠤᠯᠠ ᠮᠡᠳᠡᠭᠡ → ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠤᠰᠢᠭᠤᠨ ᠱᠠᠳ᠋ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠦᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ ᠳᠤ ᠲᠤᠰᠬᠠᠢ ᠰᠡᠳ᠋ᠦᠪᠳ᠋ᠦ ᠲᠤᠭᠤᠷᠢᠨ ᠪᠠᠢ᠌ᠴᠠᠭᠠᠯᠳ᠋ᠠ ᠬᠢᠪᠡ

     6 ᠰᠠᠷ᠎ᠠ ᠶᠢᠨ 30 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠲᠤᠭᠤᠷᠢᠨ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ᠂ ᠬᠤᠰᠢᠭᠤᠨ ᠱᠠᠳ᠋ᠤᠨ ᠤ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠦᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ ᠳᠤ ᠲᠤᠰᠬᠠᠢ ᠰᠡᠳ᠋ᠦᠪᠳ᠋ᠦ ᠲᠤᠭᠤᠷᠢᠨ ᠪᠠᠢ᠌ᠴᠠᠭᠠᠯᠳ᠋ᠠ ᠬᠢᠪᠡ᠃ ᠬᠤᠰᠢᠭᠤᠨ ᠤ ᠠᠷᠠᠳ ᠤᠨ ᠵᠠᠰᠠᠭ ᠤᠨ ᠣᠷᠳ᠋ᠤᠨ ᠤ ᠲᠡᠳ᠋ ᠬᠣᠰᠢᠭᠤᠨ ᠲᠠᠷᠤᠭ᠎ᠠ  ᠶᠢᠨ ᠵᠢᠱᠢᠭ᠍ᠳ᠋ᠡᠭ᠍ᠴᠢ ᠵᠠᠩ ᠯᠢ ᠭᠦᠸᠸ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠦᠨ ᠬᠠᠷᠢᠭᠤᠴᠠᠯᠭᠠᠳ᠋ᠠᠨ ᠪᠠᠷ᠎ᠠ ᠪᠣᠯᠪᠠ᠃

       

     ᠡᠦ ᠴᠢᠩ ᠬᠠᠢ ᠨᠡᠷ ᠤᠷᠢᠳ ᠬᠣᠵᠢᠳ ᠵᠠᠷᠤᠳ ᠬᠣᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠤᠶᠠᠳ᠋ᠤᠭᠠᠷ ᠬᠤᠷᠠᠯ ᠡᠴᠡ ᠪᠢᠯᠸᠲ ᠦᠭ᠍ᠴᠦ ᠪᠠᠳ᠋ᠤᠯᠠᠭᠰᠠᠨ 2023 ᠣᠨ ᠤ ᠵᠠᠷᠤᠳ ᠬᠣᠰᠢᠭᠤᠨ ᠤ ᠠᠷᠠᠳ ᠤᠨ ᠵᠠᠰᠠᠭ ᠤᠨ ᠣᠷᠳ᠋ᠤᠨ ᠤ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠦᠨ ᠲᠠᠪᠤᠳ᠋ᠤᠭᠠᠷ ᠬᠡᠦᠬᠡᠳ ᠦᠨ ᠴᠡᠴᠡᠷᠯᠢᠭ᠌ ᠦᠨ ᠪᠦᠳ᠋ᠦᠭᠡᠨ ᠪᠠᠢ᠌ᠭᠤᠯᠤᠯᠳ᠋ᠠ ᠶᠢᠨ ᠢᠨᠵᠧᠨᠧᠷᠢᠩ᠂ ᠭᠣᠣᠯ ᠬᠤᠳ᠋ᠠ ᠶᠢᠨ ᠲᠤᠭᠤᠷᠢᠭ ᠤᠨ ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠡᠨ ᠵᠠᠰᠠᠬᠤ  ᠢᠨᠵᠧᠨᠧᠷᠢᠩ ᠂ ᠦᠯᠢᠭᠡᠷ ᠶᠡᠬᠡ ᠬᠦᠭᠦᠷᠭᠡ ᠶᠢᠨ ᠪᠦᠳ᠋ᠤᠭᠡᠨ ᠪᠠᠢ᠌ᠭᠤᠯᠤᠯᠳ᠋ᠠ ᠶᠢᠨ ᠢᠨᠵᠧᠨᠧᠷᠢᠩ᠂ ᠪᠠᠭᠰᠢ ᠶᠢᠨ ᠲᠦ᠋ᠷ ᠰᠠᠭᠤᠬᠤ ᠭᠡᠷ ᠢ ᠦᠷᠭᠦᠯᠵᠢᠯᠡᠨ ᠪᠠᠢ᠌ᠭᠤᠯᠬᠤ ᠢᠨᠵᠧᠨᠧᠷᠢᠩ ᠵᠡᠷᠭᠡ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠲᠠᠨᠢᠯᠴᠠᠭᠤᠯᠭ᠎ᠠ ᠶᠢ ᠰᠤᠨᠤᠰᠬᠤ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ ᠪᠠᠷ ᠲᠠᠮᠵᠢᠨ᠂ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠦᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ ᠪᠠ ᠤᠷᠤᠰᠢᠵᠤ ᠪᠠᠢ᠌ᠬᠤ ᠬᠦᠴᠢᠷ ᠠᠰᠠᠭᠤᠳ᠋ᠠᠯ ᠢ ᠨᠠᠷᠢᠯᠢᠭ ᠤᠢ᠌ᠯᠠᠭᠠᠪᠠ᠃
        ᠲᠤᠬᠠᠢ ᠶᠢᠨ ᠲᠠᠯᠠᠪᠤᠷ ᠢ ᠲᠤᠭᠤᠷᠢᠨ ᠪᠠᠢ᠌ᠴᠠᠭᠠᠵᠦ ᠲᠠᠭᠤᠰᠤᠭᠰᠠᠨ ᠤ ᠲᠠᠷᠠᠭ᠎ᠠ ᠰᠠᠭᠤᠳ᠋ᠠᠯ ᠤᠨ ᠬᠤᠷᠠᠯ ᠬᠤᠷᠠᠯᠳ᠋ᠤᠭᠤᠯᠵᠦ᠂ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠢ ᠰᠠᠢ᠌ᠳ᠋ᠤᠷ ᠬᠢᠬᠦ ᠲᠤᠬᠠᠢ ᠰᠠᠢ᠌ᠨ ᠰᠠᠨᠠᠯ ᠰᠠᠨᠠᠭᠤᠯᠭ᠎ᠠ ᠲᠤᠷᠠᠳᠪᠠ᠃ ᠡᠦ ᠴᠢᠩ ᠬᠠᠢ ᠡᠴᠡ᠂ ᠬᠤᠰᠢᠭᠤᠨ ᠤ ᠵᠠᠰᠠᠭ ᠤᠨ ᠣᠷᠳ᠋ᠤᠨ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠤᠨ ᠬᠡᠷᠡᠭ᠍ᠵᠢᠭᠦᠯᠦᠯᠳ᠋ᠡ ᠶᠢ ᠲᠡᠭᠡᠳ᠋ᠦ ᠬᠡᠮᠵᠢᠶ᠎ᠠ ᠪᠡᠷ ᠴᠢᠬᠤᠯᠠᠴᠢᠯᠡᠨ᠂ ᠡᠯ᠎ᠠ ᠲᠠᠭᠠᠭᠤᠯᠤᠭᠴᠢ ᠰᠠᠯᠠᠭ᠎ᠠ ᠮᠦ᠋ᠴᠢᠷ᠂ ᠬᠠᠷᠢᠭᠤᠴᠠᠯᠭᠠᠳ᠋ᠤ ᠰᠠᠯᠠᠭ᠎ᠠ ᠮᠦ᠋ᠴᠢᠷ᠂ ᠪᠠᠷᠢᠯᠭ᠎ᠠ ᠶᠢᠨ ᠠᠵᠤ ᠠᠬᠤᠢ᠌ᠯᠠᠯ ᠢ ᠢᠳ᠋ᠡᠪᠬᠢᠳ᠋ᠠᠢ ᠵᠤᠬᠢᠶᠠᠨ ᠪᠠᠢ᠌ᠭᠤᠯᠵᠦ᠂ ᠨᠠᠷᠢᠨ ᠬᠢᠨᠠᠮᠠᠭᠠᠢ ᠲᠤᠬᠢᠷᠠᠭᠤᠯᠤᠨ ᠪᠠᠢ᠌ᠷᠢᠯᠠᠭᠤᠯᠵᠦ᠂ ᠠᠵᠢᠯ ᠤᠨ ᠲᠤᠭᠳ᠋ᠠᠴᠠ ᠶᠢ ᠪᠠᠢ᠌ᠭᠤᠯᠤᠨ ᠲᠡᠭᠦᠯᠳ᠋ᠡᠷᠵᠢᠭᠦᠯᠵᠦ᠂ ᠠᠵᠢᠯ ᠤᠨ ᠡᠭᠦᠷᠭᠡ ᠶᠢ ᠨᠠᠷᠢᠯᠢᠭᠵᠢᠭᠤᠯᠤᠨ ᠬᠡᠮᠵᠢᠶᠡᠵᠢᠭᠦᠯᠵᠦ᠂ ᠴᠠᠭ ᠬᠤᠭᠤᠴᠠᠭ᠎ᠠ ᠶᠢ ᠲᠤᠳ᠋ᠤᠷᠬᠠᠢ᠌ᠯᠠᠨ᠂ ᠡᠯ᠎ᠠ ᠲᠥᠷᠥᠯ ᠦᠨ ᠢᠨᠵᠧᠨᠧᠷᠢᠩ ᠤᠨ ᠤᠷᠤᠭᠰᠢᠳ᠋ᠠᠢ ᠬᠡᠷᠡᠭ᠍ᠵᠢᠭᠦᠯᠬᠦ ᠶᠢ ᠠᠬᠢᠭᠤᠯᠬᠤ ᠬᠡᠷᠡᠭ᠍ᠲᠡᠢ᠃ ᠲᠦ᠋ᠷᠥᠯ ᠵᠦ᠋ᠢᠯ ᠦᠨ ᠴᠢᠨᠠᠷ ᠴᠢᠨᠰᠠᠭ᠎ᠠ ᠶᠢ ᠴᠢᠬᠤᠯᠠᠴᠢᠯᠡᠨ᠂《ᠡᠷᠭᠢᠨ ᠬᠠᠷᠠᠬᠤ》 ᠠᠵᠢᠯ ᠢ ᠨᠠᠷᠢᠨ ᠬᠢᠨᠠᠮᠠᠭᠠᠢ ᠵᠤᠬᠢᠶᠠᠨ ᠪᠠᠢ᠌ᠭᠤᠯᠤᠨ ᠦᠷᠨᠢᠭᠦᠯᠵᠦ᠂ ᠲᠥᠷᠥᠯ ᠵᠦ᠋ᠢᠯ ᠦᠨ ᠴᠢᠨᠠᠷ ᠴᠢᠨᠰᠠᠭ᠎ᠠ ᠶᠢᠨ ᠪᠤᠭᠤᠮᠳ᠋ᠠ ᠶᠢ ᠪᠠᠲᠤᠯᠠᠬᠤ ᠬᠡᠷᠡᠭ᠍ᠲᠡᠢ ᠭᠡᠵᠦ ᠬᠡᠯᠡᠪᠡ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠴᠢᠨᠳ᠋ᠠᠮᠤᠨᠢ ᠰᠤᠮᠤᠨ ᠳᠤ ᠬᠦᠷᠴᠦ ᠪᠠᠢ᠌ᠴᠠᠭᠠᠨ ᠰᠤᠳ᠋ᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠲᠤᠬᠢᠷᠠᠭᠤᠯᠤᠯᠳ᠋ᠠ ᠶᠢᠨ ᠬᠤᠷᠠᠯ ᠬᠤᠷᠠᠯᠳ᠋ᠤᠭᠤᠯᠪᠠ