ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠲᠤᠬᠢᠷᠠᠭᠤᠯᠤᠯᠳ᠋ᠠ ᠶᠢᠨ ᠬᠤᠷᠠᠯ ᠬᠤᠷᠠᠯᠳ᠋ᠤᠭᠤᠯᠪᠠ

     6 ᠰᠠᠷ᠎ᠠ ᠶᠢᠨ 30 ᠦ ᠡᠳ᠋ᠦᠷ ᠦᠨ ᠦᠳ᠋ᠡ ᠶᠢᠨ ᠬᠤᠢ᠌ᠨ᠎ᠠ᠂ ᠵᠠᠷᠤᠳ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠲᠤᠬᠢᠷᠠᠭᠤᠯᠤᠯᠳ᠋ᠠ ᠶᠢᠨ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠡᠩ ᠵᠸᠨ ᠴᠢᠩ ᠬᠤᠷᠠᠯ ᠳᠤ ᠰᠠᠭᠠᠲᠠᠭᠰᠠᠨ ᠪᠦᠭᠡᠳ ᠬᠤᠷᠠᠯ ᠢ ᠡᠷᠬᠢᠯᠡᠵᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠤᠩᠭ᠋ᠤᠭᠤᠯᠢ ᠶᠢᠨ ᠶᠠᠪᠤᠳ᠋ᠠᠯ ᠤᠨ ᠬᠠᠷᠢᠯᠴᠠᠬᠤ ᠠᠵᠢᠯ ᠤᠨ ᠵᠦ᠋ᠪᠯᠡᠯ ᠦᠨ ᠬᠠᠷᠢᠭᠤᠴᠠᠯᠭᠠᠳ᠋ᠠᠨ ᠪᠤᠯᠤᠨ ᠰᠤᠮᠤ ᠪᠠᠯᠭᠠᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠲᠡᠷᠢᠭᠦᠯᠡᠭ᠍ᠴᠢ᠂ ᠯᠦ᠋ᠪᠸᠢ ᠵᠡᠭᠡᠯᠢ ᠭᠤᠳ᠋ᠤᠮᠵᠢ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠵᠦ᠋ᠪᠯᠡᠯ ᠦᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠬᠤᠷᠠᠯ ᠳᠤ ᠤᠷᠤᠯᠴᠠᠪᠠ᠃

       
        ᠬᠤᠷᠠᠯ ᠲᠡᠭᠡᠷ᠎ᠠ ᠪᠦᠬᠦ ᠬᠤᠳ᠋ᠠ ᠶᠢᠨ《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》(ᠥᠷᠳ᠋ᠡᠭᠡ) ᠶᠢᠨ ᠪᠦᠳ᠋ᠦᠭᠡᠨ ᠪᠠᠢ᠌ᠭᠤᠯᠤᠯᠳ᠋ᠠ ᠶᠢᠨ ᠠᠵᠢᠯ ᠤᠨ ᠲᠣᠷᠰᠢᠯᠭ᠎ᠠ  ᠰᠤᠯᠢᠯᠴᠠᠬᠤ ᠲᠤᠬᠠᠢ ᠶᠢᠨ ᠲᠠᠯᠠᠪᠤᠷ ᠤᠨ ᠬᠤᠷᠠᠯ ᠤᠨ ᠪᠠᠢ᠌ᠳ᠋ᠠᠯ᠂ ᠱᠠᠨᠳ᠋ᠦ᠋ᠩ ᠳᠤ ᠪᠠᠢ᠌ᠴᠠᠭᠠᠨ ᠰᠤᠷᠤᠯᠴᠠᠭᠰᠠᠨ ᠠᠵᠢᠯᠯᠠᠭ᠎ᠠ ᠵᠡᠷᠭᠡ ᠠᠭᠤᠯᠭ᠎ᠠ ᠶᠢ ᠤᠯᠠᠮᠵᠢᠯᠠᠪᠠ᠃ ᠡᠯ᠎ᠠ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠲᠡᠷᠢᠭᠦᠯᠡᠭ᠍ᠴᠢ᠂ ᠯᠦ᠋ᠪᠸᠢ ᠵᠡᠭᠡᠯᠢ ᠭᠤᠳ᠋ᠤᠮᠵᠢ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠵᠦ᠋ᠪᠯᠡᠯ ᠦᠨ ᠬᠠᠮᠢᠶ᠎ᠠ ᠪᠦᠬᠦᠢ ᠬᠠᠷᠢᠭᠤᠴᠠᠯᠭᠠᠳ᠋ᠠᠨ《2023 ᠣᠨ ᠤ ᠵᠠᠷᠤᠳ ᠬᠣᠰᠢᠭᠤᠨ ᠤ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠢ ᠰᠢᠯᠭᠠᠨ ᠬᠢᠨᠠᠬᠤ ᠭᠤᠤᠯᠳ᠋ᠠᠯᠭ᠎ᠠ ᠲᠡᠶ ᠠᠵᠢᠯ ᠤᠨ ᠨᠠᠷᠢᠨ ᠲᠠᠩᠰᠠ》 ᠶᠢᠨ ᠠᠬᠢᠴᠠ ᠶᠢᠨ ᠪᠠᠢ᠌ᠳ᠋ᠠᠯ ᠤᠨ ᠲᠤᠭᠤᠷᠢᠨ ᠳᠤ ᠬᠠᠷᠢᠭᠤ ᠮᠡᠳ᠋ᠡᠭᠦᠯᠦᠯᠳ᠋ᠡ ᠬᠢᠪᠡ᠃

       
        ᠬᠤᠷᠠᠯ ᠡᠴᠡ᠂ ᠲᠡᠭᠡᠷ᠎ᠠ ᠬᠠᠭᠠᠰ ᠵᠢᠯ ᠳᠤ᠂ ᠡᠯ᠎ᠠ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠢᠳ᠋ᠡᠪᠬᠢᠳ᠋ᠠᠢ ᠠᠵᠢᠯᠯᠡᠨ᠂ ᠲᠦ᠋ᠯᠦᠭᠡᠯᠡᠭ᠍ᠴᠢ ᠶᠢᠨ ᠠᠵᠢᠯᠯᠠᠭ᠎ᠠ ᠡᠯᠪᠡᠭ᠌ ᠪᠠᠶᠠᠯᠢᠭ᠂ ᠠᠵᠢᠯ ᠤᠨ ᠬᠡᠯᠪᠡᠷᠢ ᠰᠢᠨ᠎ᠠ ᠡᠭᠦᠳ᠋ᠦᠯᠳ᠋ᠡ ᠲᠡᠶ᠂ ᠬᠢᠯᠡᠰ ᠴᠡᠭ᠌ ᠲᠡᠶ ᠪᠠᠢ᠌ᠵᠦ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠶᠢᠨ ᠬᠠᠷᠢᠭᠤᠴᠠᠯᠭ᠎ᠠ᠂ ᠵᠢᠳᠭᠥᠯ ᠴᠢᠷᠮᠠᠢ᠌ᠯᠭ᠎ᠠ ᠶᠢ ᠭᠦᠢᠴᠡᠳ ᠢᠯᠡᠷᠡᠭᠦᠯᠪᠡ᠃ ᠲᠤᠤᠷ᠎ᠠ ᠬᠠᠭᠠᠰ ᠵᠢᠯ ᠳ᠋ᠦ᠂ ᠨᠠᠮ ᠤᠨ ᠬᠤᠷᠢᠶᠠᠨ ᠤ ᠤᠳ᠋ᠤᠷᠢᠳ᠋ᠤᠯᠭ᠎ᠠ ᠶᠢ ᠦᠷᠭᠦᠯᠵᠢᠯᠡᠨ ᠪᠠᠷᠢᠮᠳ᠋ᠡᠯᠡᠨ᠂《ᠭᠣᠤᠯ ᠠᠵᠢᠯ ᠲᠡᠶ ᠤᠶᠠᠯᠳ᠋ᠤᠭᠤᠯᠤᠨ᠂ ᠶᠡᠬᠡ ᠲᠠᠯ᠎ᠠ ᠳᠤ ᠦᠢᠯᠡᠴᠢᠯᠡᠬᠦ》ᠤᠬᠠᠮᠰᠡᠷ ᠶᠢᠡᠨ ᠦᠷᠭᠦᠯᠵᠢᠯᠡᠨ ᠴᠢᠩᠭ᠋ᠠᠳᠬᠠᠵᠦ᠂ ᠠᠷᠠᠳ ᠲᠦ᠋ᠮᠡᠨ ᠶᠢᠡᠷ ᠭᠣᠤᠯ ᠪᠣᠯᠭᠠᠬᠤ ᠶᠢ ᠪᠠᠷᠢᠮᠳ᠋ᠡᠯᠡᠨ᠂ ᠬᠦᠬᠦᠷᠭᠡ ᠬᠤᠯᠪᠤᠭᠠᠰᠤ ᠶᠢᠨ ᠦᠢᠯᠡᠳ᠋ᠦᠯ ᠢ ᠪᠠᠳ᠋ᠠᠷᠠᠭᠤᠯᠵᠦ᠂ ᠠᠷᠠᠳ ᠤᠨ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠠᠯᠠᠭᠤᠨ ᠰᠡᠳᠭᠢᠯᠭᠡ ᠶᠢ ᠬᠦᠭ᠍ᠵᠢᠭᠡᠬᠦ ᠬᠡᠷᠡᠭ᠍ᠲᠡᠢ᠃ ᠰᠤᠷᠤᠯᠴᠠᠯᠭ᠎ᠠ ᠪᠠᠨ ᠴᠢᠩᠭ᠋ᠠᠳᠬᠠᠨ᠂ ᠲᠠᠨᠢᠯᠳ᠋ᠡ ᠪᠠᠨ ᠲᠡᠭᠡᠭ᠍ᠰᠢᠯᠡᠭᠦᠯᠵᠦ᠂ ᠲᠤᠬᠠᠢ᠌ᠯᠠᠭᠰᠠᠨ ᠠᠵᠢᠯ ᠤᠨ ᠴᠢᠳ᠋ᠠᠪᠤᠷᠢ ᠪᠠᠨ ᠴᠢᠷᠮᠠᠢ᠌ᠨ ᠲᠡᠭᠡᠭ᠍ᠰᠢᠯᠡᠭᠦᠯᠦᠨ᠂ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠰᠠᠭᠤᠷᠢ ᠶᠢ ᠪᠡᠬᠢᠵᠢᠭᠦᠯᠵᠦ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠭᠢᠯᠡᠰ ᠴᠡᠭ᠌ ᠢ ᠬᠠᠢ᠌ᠨ ᠰᠦ᠋ᠪᠡᠭ᠍ᠴᠢᠯᠡᠨ᠂ ᠰᠤᠮᠤ ᠪᠠᠯᠭᠠᠰᠤᠨ (ᠵᠡᠭᠡᠯᠢ ᠭᠤᠲᠤᠮᠵᠢ) ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠲᠠᠬᠢᠨ ᠰᠢᠨ᠎ᠠ ᠨᠢᠭᠡ ᠲᠡᠭ᠍ᠲᠡᠷ ᠲᠤ ᠭᠠᠷᠬᠤ ᠶᠢ ᠲᠠᠰᠤᠷᠠᠯᠳ᠋ᠡ ᠦᠭᠡᠶ ᠠᠬᠢᠭᠤᠯᠬᠤ ᠬᠡᠷᠡᠭ᠍ᠲᠡᠢ ᠭᠡᠵᠦ ᠵᠢᠭᠠᠵᠦ ᠭᠠᠷᠭᠠᠪᠠ᠃ (ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠤᠰᠢᠭᠤᠨ ᠱᠠᠳ᠋ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠦᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ ᠳᠤ ᠲᠤᠰᠬᠠᠢ ᠰᠡᠳ᠋ᠦᠪᠳ᠋ᠦ ᠲᠤᠭᠤᠷᠢᠨ ᠪᠠᠢ᠌ᠴᠠᠭᠠᠯᠳ᠋ᠠ ᠬᠢᠪᠡ
ᠳᠠᠷᠠᠭᠠᠬᠢ᠄ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠡᠨ ᠤ ᠪᠠᠢ᠌ᠴᠠᠭᠠᠨ ᠰᠤᠳ᠋ᠤᠯᠬᠤ ᠲᠤᠭᠤᠢ᠌ᠯᠠᠩ ᠵᠠᠷᠤᠳ ᠬᠣᠰᠢᠭᠤᠨ ᠳᠤ ᠢᠷᠡᠵᠦ ᠦᠨᠳ᠋ᠦᠰᠦᠨ ᠱᠠᠳ᠋ᠤᠨ ᠤ ᠬᠠᠦᠯᠢ ᠴᠠᠭᠠᠵᠠ ᠶᠢᠨ ᠭᠠᠵᠠᠷ ᠤᠨ ᠪᠦᠳ᠋ᠦᠭᠡᠨ ᠪᠠᠢ᠌ᠭᠤᠯᠤᠯᠳ᠋ᠠ ᠶᠢ ᠪᠠᠢ᠌ᠴᠠᠭᠠᠨ ᠰᠤᠳ᠋ᠤᠯᠪᠠ