ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠡᠨ ᠤ ᠪᠠᠢ᠌ᠴᠠᠭᠠᠨ ᠰᠤᠳ᠋ᠤᠯᠬᠤ ᠲᠤᠭᠤᠢ᠌ᠯᠠᠩ ᠵᠠᠷᠤᠳ ᠬᠣᠰᠢᠭᠤᠨ ᠳᠤ ᠢᠷᠡᠵᠦ ᠦᠨᠳ᠋ᠦᠰᠦᠨ ᠱᠠᠳ᠋ᠤᠨ ᠤ ᠬᠠᠦᠯᠢ ᠴᠠᠭᠠᠵᠠ ᠶᠢᠨ ᠭᠠᠵᠠᠷ ᠤᠨ ᠪᠦᠳ᠋ᠦᠭᠡᠨ ᠪᠠᠢ᠌ᠭᠤᠯᠤᠯᠳ᠋ᠠ ᠶᠢ ᠪᠠᠢ᠌ᠴᠠᠭᠠᠨ ᠰᠤᠳ᠋ᠤᠯᠪᠠ
7 ᠰᠠᠷ᠎ᠠ ᠶᠢᠨ 3 ᠦ ᠡᠳ᠋ᠦᠷ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠢᠦᠢ ᠹᠸᠩ ᠪᠠᠢ᠌ᠴᠠᠭᠠᠨ ᠰᠤᠳ᠋ᠤᠯᠬᠤ ᠲᠤᠭᠤᠢ᠌ᠯᠠᠩ ᠲᠠᠭᠠᠭᠤᠯᠤᠨ᠂ ᠵᠠᠷᠤᠳ ᠬᠣᠰᠢᠭᠤᠨ ᠤ ᠦᠨᠳ᠋ᠦᠰᠦᠨ ᠱᠠᠳ᠋ᠤᠨ ᠤ ᠬᠠᠦᠯᠢ ᠴᠠᠭᠠᠵᠠ ᠶᠢᠨ ᠭᠠᠵᠠᠷ ᠤᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ ᠳᠤ ᠪᠠᠢ᠌ᠴᠠᠭᠠᠨ ᠰᠤᠳ᠋ᠤᠯᠤᠯᠳ᠋ᠠ ᠬᠢᠪᠡ᠃ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠢᠨᠠᠨ ᠪᠠᠢ᠌ᠴᠠᠭᠠᠬᠤ ᠬᠠᠦᠯᠢ ᠴᠠᠭᠠᠵᠠ ᠶᠢᠨ ᠠᠵᠢᠯ ᠤᠨ ᠵᠦ᠋ᠪᠯᠡᠯ ᠦᠨ ᠡᠷᠬᠢᠯᠡᠭ᠍ᠴᠢ ᠺᠦᠩ ᠯᠢᠩ ᠸᠸᠨ᠂ ᠲᠡᠳ᠋ ᠡᠷᠬᠢᠯᠡᠭ᠍ᠴᠢ ᠯᠢᠶᠠᠩ ᠵᠢᠶᠠ ᠮᠢᠩ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠵᠢᠴᠢ ᠬᠠᠮᠢᠶ᠎ᠠ ᠪᠦᠬᠦᠢ ᠰᠠᠯᠠᠭ᠎ᠠ ᠮᠦ᠋ᠴᠢᠷ ᠦᠨ ᠬᠠᠷᠢᠭᠤᠴᠠᠯᠭᠠᠳ᠋ᠠᠨ ᠪᠠᠷ᠎ᠠ ᠪᠣᠯᠪᠠ᠃

ᠢᠦᠢ ᠹᠸᠩ ᠨᠡᠷ ᠤᠷᠢᠳ ᠬᠣᠵᠢᠳ ᠭᠡᠷᠴᠢᠯᠠᠭᠤ ᠰᠤᠮᠤ ᠶᠢᠨ ᠵᠤᠰᠠᠯᠠᠩ ᠤᠨ《ᠨᠡᠭᠦᠳ᠋ᠡᠯ ᠮᠠᠯᠵᠢᠯ ᠤᠨ ᠠᠷᠠᠳ ᠤᠨ ᠲᠦ᠋ᠯᠦᠭᠡᠯᠡᠭ᠍ᠴᠢ ᠲᠡᠶ ᠬᠠᠷᠢᠯᠴᠠᠬᠤ ᠥᠷᠳ᠋ᠡᠭᠡ》᠂ ᠦᠨᠳ᠋ᠦᠰᠦᠨ ᠱᠠᠳ᠋ᠤᠨ ᠤ ᠬᠠᠦᠯᠢ ᠲᠤᠭᠳ᠋ᠠᠭᠠᠬᠤ ᠬᠠᠷᠢᠯᠴᠠᠬᠤ ᠴᠡᠭ᠌ ᠪᠤᠯᠤᠨ ᠠᠷᠤ ᠬᠦᠨᠳ᠋ᠡᠯᠡᠨ ᠪᠠᠯᠭᠠᠰᠤᠨ ᠤ ᠬᠠᠦᠯᠢ ᠴᠠᠭᠠᠵᠠ ᠶᠢᠨ ᠭᠠᠵᠠᠷ᠂ ᠪᠠᠶᠠᠷᠳ᠋ᠤᠬᠤᠰᠢᠭᠤ ᠪᠠᠯᠭᠠᠰᠤᠨ ᠤ ᠬᠠᠦᠯᠢ ᠴᠠᠭᠠᠵᠠ ᠶᠢᠨ ᠭᠠᠵᠠᠷ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠲᠠᠨᠢᠯᠴᠠᠭᠤᠯᠭ᠎ᠠ ᠶᠢ ᠰᠤᠨᠤᠰᠬᠤ᠂ ᠡᠬᠡ ᠲᠠᠩᠰᠠ ᠮᠠᠲ᠋ᠸᠷᠢᠶᠠᠯ ᠢ ᠪᠠᠢ᠌ᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠡᠷ ᠲᠠᠮᠵᠢᠨ᠂ ᠦᠨᠳ᠋ᠦᠰᠦᠨ ᠱᠠᠳ᠋ᠤᠨ ᠤ ᠬᠠᠦᠯᠢ ᠴᠠᠭᠠᠵᠠ ᠶᠢᠨ ᠭᠠᠵᠠᠷ ᠤᠨ ᠲᠥᠷᠢᠮᠵᠢᠭ᠍ᠰᠡᠨ ᠪᠦᠳ᠋ᠦᠭᠡᠨ ᠪᠠᠢ᠌ᠭᠤᠯᠤᠯᠳ᠋ᠠ᠂ ᠡᠭᠦᠷᠭᠡ ᠴᠢᠳ᠋ᠠᠪᠬᠢ ᠶᠢᠨ ᠦᠢᠯᠡᠳ᠋ᠦᠯ ᠢᠶᠡᠨ ᠪᠠᠳ᠋ᠠᠷᠠᠭᠤᠯᠤᠭᠰᠠᠨ᠂ ᠡᠩᠨᠡᠭᠡ ᠶᠢᠨ ᠪᠠᠢ᠌ᠭᠤᠯᠤᠯᠳ᠋ᠠ᠂ ᠡᠯ᠎ᠠ ᠲᠥᠷᠥᠯ ᠦᠨ ᠲᠤᠬᠠᠢ᠌ᠯᠠᠭᠰᠠᠨ ᠠᠵᠢᠯ ᠦᠷᠨᠢᠭᠦᠯᠦᠭ᠍ᠰᠡᠨ ᠪᠠᠢ᠌ᠳ᠋ᠠᠯ ᠵᠡᠷᠭᠡ ᠶᠢ ᠨᠠᠷᠢᠯᠢᠭ ᠤᠢ᠌ᠯᠠᠭᠠᠭᠰᠠᠨ ᠪᠦᠭᠡᠳ ᠦᠨᠳ᠋ᠦᠰᠦᠨ ᠱᠠᠳ᠋ᠤᠨ ᠤ ᠬᠠᠦᠯᠢ ᠴᠠᠭᠠᠵᠠ ᠶᠢᠨ ᠭᠠᠵᠠᠷ ᠤᠨ ᠪᠦᠳ᠋ᠦᠭᠡᠨ ᠪᠠᠢ᠌ᠭᠤᠯᠤᠯᠳ᠋ᠠ ᠶᠢᠨ ᠠᠵᠢᠯ ᠤᠨ ᠲᠣᠮᠲᠠ ᠲᠤᠯᠭᠠᠷᠠᠭᠰᠠᠨ ᠬᠦᠴᠢᠷᠳ᠋ᠡᠯ ᠪᠠ ᠠᠰᠠᠭᠤᠳ᠋ᠠᠯ ᠵᠢᠴᠢ ᠠᠷᠭ᠎ᠠ ᠪᠣᠳ᠋ᠤᠯᠭ᠎ᠠ ᠰᠠᠨᠠᠭᠤᠯᠭ᠎ᠠ ᠶᠢᠨ ᠲᠤᠭᠤᠷᠢᠨ ᠳᠤ ᠰᠠᠨᠠᠯ ᠶᠢᠡᠨ ᠭᠦᠨᠵᠡᠭᠡᠢ ᠰᠤᠯᠢᠯᠴᠠᠪᠠ᠃

ᠪᠠᠢ᠌ᠴᠠᠭᠠᠨ ᠰᠤᠳ᠋ᠤᠯᠬᠤ ᠲᠤᠭᠤᠢ᠌ᠯᠠᠩ ᠡᠴᠡ᠂ ᠬᠠᠦᠯᠢ ᠴᠠᠭᠠᠵᠠ ᠶᠢᠨ ᠭᠠᠵᠠᠷ ᠲᠦ᠋ᠷᠢᠮᠵᠢᠭ᠍ᠰᠡᠨ ᠪᠦᠳ᠋ᠦᠭᠡᠨ ᠪᠠᠢ᠌ᠭᠤᠯᠤᠯᠳ᠋ᠠ ᠪᠠᠷ ᠭᠠᠷᠳ᠋ᠠᠴᠠ ᠪᠣᠯᠭᠠᠵᠦ᠂ ᠠᠵᠢᠯ ᠤᠨ ᠠᠷᠭ᠎ᠠ ᠠᠪᠴᠠᠯ ᠶᠢᠡᠨ ᠦᠷᠭᠦᠯᠵᠢᠯᠡᠨ ᠰᠢᠯᠢᠳ᠋ᠡᠭ᠍ᠵᠢᠭᠦᠯᠦᠨ᠂ ᠬᠠᠦᠯᠢ ᠴᠠᠭᠠᠵᠠ ᠶᠢᠨ ᠭᠠᠵᠠᠷ ᠤᠨ ᠺᠠᠳ᠋ᠷ ᠤᠨ ᠡᠩᠨᠡᠭᠡ ᠶᠢᠨ ᠪᠠᠢ᠌ᠭᠤᠯᠤᠯᠳ᠋ᠠ ᠶᠢ ᠪᠦᠬᠦ ᠲᠠᠯ᠎ᠠ ᠪᠠᠷ ᠴᠢᠩᠭ᠋ᠠᠳᠬᠠᠵᠦ᠂ ᠵᠦ᠋ᠷᠢᠴᠡᠯ ᠵᠢᠭᠤᠷᠠᠯᠳ᠋ᠤᠭᠠᠨ ᠢ ᠠᠷᠢᠯᠭᠠᠬᠤ᠂ ᠬᠠᠦᠯᠢ ᠴᠠᠭᠠᠵᠠ ᠶᠢ ᠲᠦ᠋ᠭᠡᠮᠡᠯᠵᠢᠭᠦᠯᠦᠨ ᠤᠬᠠᠭᠤᠯᠬᠤ᠂ ᠨᠡᠢ᠌ᠭᠡᠮ ᠲᠤᠭᠤᠷᠢᠭ ᠤᠨ ᠵᠠᠯᠠᠷᠠᠭᠤᠯᠤᠭ᠎ᠠ ᠵᠡᠷᠭᠡ ᠠᠵᠢᠯ ᠢ ᠯᠠᠪᠳ᠋ᠠᠭᠤᠨ ᠪᠠᠲᠤᠳ᠋ᠠᠢ ᠰᠠᠢ᠌ᠳ᠋ᠤᠷ ᠬᠢᠵᠦ᠂ ᠦᠨᠳ᠋ᠦᠰᠦᠨ ᠱᠠᠳ᠋ᠤᠨ ᠤ ᠬᠠᠦᠯᠢᠵᠢᠯ ᠤᠨ ᠪᠠᠲᠤᠯᠠᠭ᠎ᠠ ᠶᠢᠨ ᠴᠢᠳ᠋ᠠᠪᠤᠷᠢ ᠶᠢ ᠲᠠᠰᠤᠷᠠᠯᠳ᠋ᠡ ᠦᠭᠡᠶ ᠲᠡᠭᠡᠭ᠍ᠰᠢᠯᠡᠭᠦᠯᠦᠨ᠂ ᠦᠨᠳ᠋ᠦᠰᠦᠨ ᠱᠠᠳ᠋ᠤᠨ ᠤ ᠬᠠᠦᠯᠢ ᠴᠠᠭᠠᠵᠠ ᠶᠢᠨ ᠭᠠᠵᠠᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠶᠢ ᠲᠠᠰᠤᠷᠠᠯᠳ᠋ᠡ ᠦᠭᠡᠶ ᠲᠡᠭᠡᠭ᠍ᠰᠢᠯᠡᠭᠦᠯᠵᠦ᠂ ᠬᠠᠦᠯᠢ ᠪᠠᠷ ᠵᠠᠰᠠᠬᠤ ᠨᠡᠢ᠌ᠭᠡᠮ ᠦᠨ ᠪᠦᠳ᠋ᠦᠭᠡᠨ ᠪᠠᠢ᠌ᠭᠤᠯᠤᠯᠳ᠋ᠠ ᠶᠢᠨ ᠰᠠᠭᠤᠷᠢ ᠶᠢ ᠦᠨᠡᠨᠬᠦ ᠪᠡᠬᠢᠵᠢᠭᠦᠯᠬᠦ ᠬᠡᠷᠡᠭ᠍ᠲᠡᠢ ᠭᠡᠵᠦ ᠵᠢᠭᠠᠵᠤ ᠭᠠᠷᠭᠠᠪᠠ᠃ (ᠯᠸᠢ ᠫᠠᠩ)