ᠤᠳᠤ ᠶᠢᠨ ᠪᠠᠢ᠌ᠷᠢ᠄ ᠲᠤᠢ᠌ᠮᠤ ᠪᠠᠢ᠌ᠳᠠᠯ → ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ᠁
ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ

          

 

ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ ᠪᠤᠯ ᠮᠠᠨ ᠤ ᠤᠯᠤᠰ ᠤᠨ ᠦᠨᠳᠤᠰᠤᠨ ᠤᠯᠤᠰ ᠲᠦᠷᠤ ᠶᠢᠨ ᠲᠦᠷᠢᠮ᠂ ᠠᠷᠠᠳᠴᠢᠯᠠᠯ ᠲᠦᠪᠯᠡᠷᠡᠯ ᠤᠨ ᠵᠠᠷᠴᠢᠮ ᠪᠠᠢ᠌ᠵᠤ᠂ ᠠᠷᠠᠳ ᠲᠦᠮᠨᠨ ᠡᠴᠨ ᠰᠤᠩᠭᠤᠭᠰᠨᠨ ᠲᠦᠯᠤᠭᠡᠯᠡᠭᠴᠢ ᠪᠠᠷ ᠪᠦᠷᠢᠯᠳᠦᠭᠰᠨᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠨᠢ ᠤᠯᠤᠰ ᠤᠨ ᠡᠷᠭᠡᠳᠤ ᠪᠠᠢ᠌ᠭᠤᠯᠤᠯᠭ᠎ᠠ ᠪᠤᠯᠤᠭᠰᠨᠨ ᠤ ᠬᠤᠪᠢ ᠳᠤ᠂ ᠤᠯᠤᠰ ᠤᠨ ᠶᠠᠪᠤᠳᠠᠯ ᠢ ᠨᠢᠭᠡᠳᠤᠯᠳᠠᠢ ᠤᠳᠤᠷᠢᠳᠬᠤ ᠤᠯᠤᠰ ᠲᠦᠷᠤ ᠶᠢᠨ ᠲᠦᠷᠢᠮ ᠪᠤᠯᠤᠨ᠎ᠡ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠵᠦᠪ ᠤᠨᠤᠪᠴᠢᠳᠠᠢ ᠤᠢ᠌ᠯᠠᠭᠠᠬᠤ ᠳᠤ ᠬᠤᠯᠪᠤᠭᠳᠠᠯ ᠪᠦᠬᠦᠢ ᠨᠠ᠍ᠢᠮᠨᠨ ᠬᠠᠷᠢᠴᠠᠭ᠎ᠠ ᠵᠢ ᠬᠦᠨᠵᠡᠭᠡᠢ ᠤᠢ᠌ᠯᠠᠭᠠᠬᠤ ᠴᠢᠬᠤᠯᠠᠳᠠᠢ᠃

ᠨᠢᠭᠡ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ ᠪᠤᠯᠤᠨ ᠠᠷᠠᠳ ᠤᠨ ᠠᠷᠠᠳᠴᠢᠯᠠᠭᠰᠨᠨ ᠲᠠᠷᠤᠩᠭᠤᠢ᠌ᠯᠠᠬᠤ ᠵᠠᠰᠠᠭ ᠤᠨ ᠬᠠᠷᠢᠴᠠᠭ᠎ᠠ

ᠲᠦᠷᠤ ᠶᠢᠨ ᠪᠦᠳᠤᠴᠨ ᠨᠢ ᠵᠠᠰᠠᠭ ᠤᠨ ᠪᠦᠳᠤᠴᠨ ᠵᠢ ᠲᠤᠭᠳᠠᠭᠠᠵᠤ᠂ ᠵᠠᠰᠠᠭ ᠤᠨ ᠪᠦᠳᠤᠴᠨ ᠨᠢ ᠲᠦᠷᠤ ᠶᠢᠨ ᠪᠦᠳᠤᠴᠨ ᠵᠢ ᠲᠤᠰᠬᠠᠨ᠎ᠡ᠂ ᠠᠷᠠᠳ ᠤᠨ ᠠᠷᠠᠳᠴᠢᠯᠠᠭᠰᠨᠨ ᠲᠠᠷᠤᠩᠭᠤᠢ᠌ᠯᠠᠬᠤ ᠵᠠᠰᠠᠭ ᠪᠤᠯ ᠮᠠᠨ ᠤ ᠤᠯᠤᠰ ᠤᠨ ᠲᠦᠷᠤ ᠶᠢᠨ ᠪᠦᠳᠤᠴᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ ᠪᠤᠯ ᠮᠠᠨ ᠤ ᠤᠯᠤᠰ ᠤᠨ ᠵᠠᠰᠠᠭ ᠤᠨ ᠪᠦᠳᠤᠴᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ ᠨᠢ ᠮᠠᠨ ᠤ ᠤᠯᠤᠰ ᠤᠨ ᠠᠷᠠᠳ ᠤᠨ ᠠᠷᠠᠳᠴᠢᠯᠠᠭᠰᠨᠨ ᠲᠠᠷᠤᠩᠭᠤᠢ᠌ᠯᠠᠬᠤ ᠵᠠᠰᠠᠭ ᠤᠨ ᠤᠯᠤᠰ ᠤᠨ ᠰᠢᠨᠵᠢ ᠴᠢᠨᠠᠷ ᠢ ᠢᠯᠡᠷᠡᠬᠦᠯᠵᠤ᠂ ᠠᠷᠠᠳ ᠲᠦᠮᠨᠨ ᠡᠵᠡᠨ ᠰᠠᠭᠤᠭᠰᠨᠨ ᠵᠤᠷᠢᠯᠳᠠ ᠶᠢᠨ ᠰᠢᠭᠤᠤᠨ ᠢᠯᠡᠷᠡᠯ᠂᠎ ᠡᠨ᠋ᠨ ᠬᠤᠶᠠᠷ ᠪᠤᠯ ᠠᠭᠤᠯᠭ᠎ᠠ ᠪᠤᠯᠤᠨ ᠭᠡᠯᠪᠡᠷᠢ ᠶᠢᠨ ᠬᠠᠷᠢᠴᠠᠭ᠎ᠠ ᠪᠤᠯᠤᠨ᠎ᠡ᠃

ᠬᠤᠶᠠᠷ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠬᠠᠷᠢᠴᠠᠭ᠎ᠠ

ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯ ᠮᠠᠨ ᠤ ᠤᠯᠤᠰ ᠤᠨ ᠡᠷᠭᠡᠳᠤ ᠪᠠᠢ᠌ᠭᠤᠯᠤᠯᠭ᠎ᠠ᠂ ᠤᠯᠤᠰ ᠤᠨ ᠡᠷᠭᠡ ᠶᠢᠨ ᠲᠦᠪ ᠪᠤᠯᠤᠨ᠎ᠡ᠃ ᠲᠤᠭᠳᠠᠯᠴᠠᠭ᠎ᠠ ᠡᠴᠨ ᠨᠢ ᠶᠠᠷᠢᠪᠠᠯ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠨᠢ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯᠤᠨ ᠭᠠᠵᠠᠷ ᠤᠷᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ᠂ ᠡᠯ᠎ᠠ ᠱᠠᠳᠤᠨ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠵᠢ ᠪᠠᠭᠳᠠᠭᠠᠵᠤ᠂ ᠬᠠᠤᠯᠢ ᠲᠤᠭᠳᠠᠭᠠᠬᠤ ᠡᠷᠭᠡ᠂ ᠬᠢᠨᠠᠯᠳᠠ ᠲᠠᠯᠪᠢᠬᠤ ᠡᠷᠭᠡ᠂ ᠲᠤᠮᠢᠯᠠᠵᠤ ᠪᠠᠭᠤᠯᠭᠠᠬᠤ ᠡᠷᠭᠡ᠂ ᠰᠢ᠌ᠳᠪᠤᠷᠢᠯᠡᠬᠦ ᠡᠷᠭᠡ ᠵᠡᠷᠭᠡ ᠡᠷᠭᠡ ᠲᠠᠢ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ ᠪᠤᠯ ᠮᠠᠨ ᠤ ᠤᠯᠤᠰ ᠤᠨ ᠦᠨᠳᠤᠰᠤᠨ ᠤᠯᠤᠰ ᠲᠦᠷᠤ ᠶᠢᠨ ᠲᠦᠷᠢᠮ᠂ ᠮᠠᠨ ᠤ ᠤᠯᠤᠰ ᠤᠨ ᠤᠯᠤᠰ ᠲᠦᠷᠤ ᠶᠢᠨ ᠵᠤᠬᠢᠶᠠᠨ ᠪᠠᠢ᠌ᠭᠤᠯᠤᠯᠳᠠ ᠶᠢᠨ ᠭᠡᠯᠪᠡᠷᠢ᠂ ᠮᠠᠨ ᠤ ᠤᠯᠤᠰ ᠤᠨ ᠵᠠᠰᠠᠭ ᠤᠨ ᠪᠦᠳᠤᠴᠨ ᠪᠤᠯᠤᠨ᠎ᠡ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ ᠨᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠶᠢᠠᠷ ᠰᠠᠭᠤᠷᠢ ᠪᠤᠯᠭᠠᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠭᠡᠷᠡᠭᠵᠢᠬᠦᠯᠬᠦ ᠪᠤᠳᠠᠰ ᠤᠨ ᠠᠴᠢᠶᠠᠯᠠᠭᠴᠢ᠂ ᠡᠨ᠋ᠨ ᠬᠤᠶᠠᠷ ᠠᠳᠠᠯᠢ ᠪᠠᠢ᠌ᠵᠤ ᠪᠤᠯᠬᠤ ᠦᠭᠡᠢ᠃

ᠭᠤᠷᠪᠠ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯᠤᠨ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠠᠷᠢᠴᠠᠭ᠎ᠠ

ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯ ᠮᠠᠨ ᠤ ᠤᠯᠤᠰ ᠤᠨ ᠠᠷᠠᠳ ᠲᠦᠮᠨᠨ ᠤ ᠭᠡᠷᠡᠭᠵᠢᠬᠦᠯᠵᠤ ᠪᠠᠢ᠌ᠭ᠎ᠠ ᠡᠷᠭᠡᠳᠤ ᠪᠠᠢ᠌ᠭᠤᠯᠤᠯᠭ᠎ᠠ ᠪᠤᠯᠤᠨ᠎ᠡ᠂ ᠲᠤᠭᠳᠠᠯᠴᠠᠭ᠎ᠠ ᠡᠴᠨ ᠦᠵᠡᠪᠡᠯ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠨᠢ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯᠤᠨ ᠭᠠᠵᠠᠷ ᠤᠷᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ᠂ ᠡᠯ᠎ᠠ ᠱᠠᠳᠤᠨ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠵᠢ ᠪᠠᠭᠳᠠᠭᠠᠨ᠎ᠡ᠃ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯ ᠮᠠᠨ ᠤ ᠤᠯᠤᠰ ᠤᠨ ᠬᠠᠮᠤᠭ ᠲᠠᠭᠡᠳᠤ ᠡᠷᠭᠡᠳᠤ ᠪᠠᠢ᠌ᠭᠤᠯᠤᠯᠭ᠎ᠠ᠂ ᠮᠠᠨ ᠤ ᠤᠯᠤᠰ ᠤᠨ ᠤᠯᠤᠰ ᠤᠨ ᠡᠷᠭᠡᠳᠤ ᠪᠠᠢ᠌ᠭᠤᠯᠤᠯᠭ᠎ᠠ ᠶᠢᠨ ᠲᠤᠳᠤᠷ᠎ᠠ ᠬᠠᠮᠤᠭ ᠦᠨᠳᠤᠷ ᠪᠠᠢ᠌ᠷᠢ ᠰᠠᠭᠤᠷᠢ ᠳᠤ ᠤᠷᠤᠰᠢᠵᠤ᠂ ᠬᠠᠮᠤᠭ ᠶᠡᠭᠡ ᠬᠠᠤᠯᠢ ᠲᠤᠭᠳᠠᠭᠠᠬᠤ ᠡᠷᠭᠡ᠂ ᠬᠢᠨᠠᠨ ᠪᠠᠢ᠌ᠴᠠᠭᠠᠬᠤ ᠡᠷᠭᠡ᠂ ᠲᠤᠮᠢᠯᠠᠵᠤ ᠪᠠᠭᠤᠯᠭᠠᠬᠤ ᠡᠷᠭᠡ᠂ ᠰᠢ᠌ᠳᠪᠤᠷᠢᠯᠡᠬᠦ ᠡᠷᠭᠡ ᠲᠠᠢ᠂ ᠤᠯᠤᠰ ᠤᠨ ᠪᠤᠰᠤᠤᠨ ᠪᠠᠢ᠌ᠭᠤᠯᠤᠯᠭ᠎ᠠ ᠶᠢᠨ ᠡᠷᠭᠡ ᠪᠦᠷ ᠡᠬᠦᠨ ᠡᠴᠨ ᠲᠠᠪᠠᠵᠤ ᠪᠤᠯᠬᠤ ᠦᠭᠡᠢ᠃ ᠭᠠᠵᠠᠷ ᠤᠷᠤᠨ ᠤ ᠡᠯ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯ ᠭᠠᠵᠠᠷ ᠤᠷᠤᠨ ᠤ ᠤᠯᠤᠰ ᠤᠨ ᠡᠷᠭᠡᠳᠤ ᠪᠠᠢ᠌ᠭᠤᠯᠤᠯᠭ᠎ᠠ᠂ ᠲᠤᠰ ᠭᠠᠵᠠᠷ ᠤᠷᠤᠨ ᠤ ᠠᠯᠢᠪᠠ ᠬᠦᠨᠳᠤ ᠴᠢᠬᠤᠯᠨ ᠠᠰᠠᠭᠤᠳᠠᠯ ᠢ ᠪᠦᠷ ᠲᠤᠰ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠶᠢᠠᠷ ᠶᠠᠷᠢᠯᠴᠠᠨ ᠲᠤᠭᠳᠠᠭᠠᠬᠤ ᠶᠢᠨ ᠬᠠᠮᠳᠤ ᠬᠢᠨᠠᠨ ᠪᠠᠢ᠌ᠴᠠᠭᠠᠵᠤ ᠭᠡᠷᠡᠭᠵᠢᠬᠦᠯᠤᠨ᠎ᠡ᠃ ᠡᠨ᠋ᠨ ᠬᠤᠶᠠᠷ ᠢ ᠬᠤᠳᠬᠤᠯᠳᠤᠭᠤᠯᠵᠤ ᠪᠤᠯᠬᠤ ᠦᠭᠡᠢ᠃

ᠲᠦᠷᠪᠡ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢ᠌ᠩᠭᠤ ᠶᠢᠨ ᠬᠤᠷᠢᠶ᠎ᠠ ᠶᠢᠨ ᠬᠠᠷᠢᠴᠠᠭ᠎ᠠ

ᠡᠯ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢ᠌ᠩᠭᠤ ᠶᠢᠨ ᠬᠤᠷᠢᠶ᠎ᠠ ᠪᠤᠯ ᠡᠯ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢ᠌ᠩᠭᠤ ᠶᠢᠨ ᠪᠠᠢ᠌ᠭᠤᠯᠤᠯᠭ᠎ᠠ ᠪᠤᠯᠤᠨ᠎ᠡ᠃ ᠡᠯ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠲᠠᠭᠤᠰᠤᠭᠰᠠᠨ ᠬᠤᠭᠤᠴᠠᠭᠠᠨ ᠳᠤ᠂ ᠡᠯ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠭᠡᠰᠡᠭ ᠡᠷᠭᠡ ᠲᠤᠰᠢᠶᠠᠯ ᠢ ᠶᠠᠪᠤᠭᠳᠠᠭᠤᠯᠤᠨ᠎ᠡ᠃ ᠡᠨ᠋ᠨ ᠨᠢ ᠤᠯᠤᠰ ᠤᠨ ᠡᠷᠭᠡᠳᠤ ᠪᠠᠢ᠌ᠭᠤᠯᠤᠯᠭ᠎ᠠ ᠶᠢᠨ ᠤᠢ᠌ᠯᠡᠳᠤᠯ ᠢ ᠨᠡᠩ ᠰᠠᠢᠨ ᠶᠢᠠᠷ ᠪᠠᠳᠠᠷᠠᠭᠤᠯᠬᠤ ᠶᠢᠨ ᠵᠤᠷᠢᠯᠭ᠎ᠠ ᠮᠦᠨ᠃

ᠲᠠᠪᠤ᠂ ᠠᠷᠠᠳ ᠲᠦᠮᠨᠨ ᠪᠤᠯᠤᠨ ᠠᠷᠠᠳ ᠤᠨ ᠲᠦᠯᠤᠭᠡᠯᠡᠭᠴᠢ ᠶᠢᠨ ᠬᠠᠷᠢᠴᠠᠭ᠎ᠠ

ᠠᠷᠠᠳ ᠲᠦᠮᠨᠨ ᠪᠤᠯ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠵᠢ ᠪᠦᠷᠢᠮᠤᠰᠤᠨ ᠬᠦᠷᠢᠶᠡᠯᠡᠵᠤ᠂ ᠨᠡᠢ᠌ᠭᠡᠮ ᠵᠢᠷᠤᠮᠳᠤ ᠨᠡᠢ᠌ᠭᠡᠮ ᠢ ᠬᠦᠷᠢᠶᠡᠯᠨᠨ᠂ ᠤᠯᠤᠰ ᠤᠨ ᠨᠢᠭᠡᠳᠤᠯ ᠢ ᠬᠦᠷᠢᠶᠡᠯᠡᠵᠤ᠂ ᠡᠭᠡ ᠤᠯᠤᠰ ᠶᠢᠠᠨ ᠬᠠᠢᠷᠠᠯᠠᠬᠤ ᠨᠡᠢ᠌ᠭᠡᠮ ᠵᠢᠷᠤᠮ ᠤᠨ ᠤᠯᠤᠰ ᠶᠢᠠᠨ ᠬᠠᠢᠷᠠᠯᠠᠭᠴᠢ ᠪᠠ ᠬᠦᠳᠡᠯᠮᠤᠷᠢᠯᠡᠭᠴᠢ ᠪᠤᠯᠤᠨ᠎ᠡ᠃ ᠮᠠᠨ ᠤ ᠤᠯᠤᠰ ᠲᠤ ᠠᠯᠢᠪᠠ ᠡᠷᠭᠡ ᠪᠦᠷ ᠠᠷᠠᠳ ᠲᠦᠮᠨᠨ ᠤ ᠬᠢ᠂ ᠠᠷᠠᠳ ᠲᠦᠮᠨᠨ ᠪᠤᠯ ᠤᠯᠤᠰ ᠤᠨ ᠡᠵᠡᠨ ᠮᠦᠨ᠃ ᠠᠷᠠᠳ ᠤᠨ ᠲᠦᠯᠤᠭᠡᠯᠡᠭᠴᠢ ᠪᠤᠯ ᠠᠷᠠᠳ ᠲᠦᠮᠨᠨ ᠤ ᠰᠤᠩᠭᠤᠭᠤᠯᠢ ᠪᠡᠷ ᠪᠤᠢ ᠪᠤᠯᠵᠤ᠂ ᠠᠷᠠᠳ ᠲᠦᠮᠨᠨ ᠤ ᠵᠤᠷᠢᠭ ᠰᠠᠨᠠᠭ᠎ᠠ ᠪᠤᠯᠤᠨ ᠠᠰᠢᠭ ᠲᠤᠰᠨ ᠵᠢ ᠲᠦᠯᠤᠭᠡᠯᠡᠨ᠂ ᠠᠷᠠᠳ ᠲᠦᠮᠨᠨ ᠳᠤ ᠬᠠᠷᠢᠭᠤᠴᠠᠵᠤ ᠠᠷᠠᠳ ᠲᠦᠮᠨᠨ ᠤ ᠬᠢᠨᠠᠯᠳᠠ ᠵᠢ ᠬᠦᠯᠢᠶᠡᠨ᠎ᠡ᠃ ᠠᠷᠠᠳ ᠤᠨ ᠲᠦᠯᠤᠭᠡᠯᠡᠭᠴᠢ ᠤᠯᠨᠨ ᠲᠦᠮᠨᠨ ᠤ ᠲᠤᠮᠳᠠ ᠬᠦᠨᠵᠡᠭᠡᠢ᠌ᠷᠡᠨ᠂ ᠤᠯᠨᠨ ᠲᠦᠮᠨᠨ ᠲᠠᠢ ᠨᠢᠬᠳᠠ ᠬᠠᠷᠢᠴᠠᠵᠤ᠂ ᠦᠷᠬᠦᠯᠵᠢ ᠤᠯᠨᠨ ᠲᠦᠮᠨᠨ ᠤ ᠰᠠᠨᠠᠯ ᠪᠤᠯᠤᠨ ᠱᠠᠭᠠᠷᠳᠠᠯᠭ᠎ᠠ ᠵᠢ ᠰᠤᠨᠤᠰᠴᠤ᠂ ᠰᠤᠩᠭᠤᠭᠤᠯᠢ ᠶᠢᠨ ᠠᠷᠠᠳ ᠪᠤᠯᠤᠨ ᠰᠤᠩᠭᠤᠭᠤᠯᠢ ᠶᠢᠨ ᠪᠠᠢ᠌ᠭᠤᠯᠤᠯᠭ᠎ᠠ ᠶᠢᠨ ᠬᠢᠨᠠᠨ ᠪᠠᠢ᠌ᠴᠠᠭᠠᠯᠳᠠ ᠵᠢ ᠬᠦᠯᠢᠶᠡᠨ᠎ᠡ᠃

ᠵᠢᠷᠭᠤᠭ᠎ᠠ᠂ ᠠᠷᠠᠳ ᠤᠨ ᠲᠦᠯᠤᠭᠡᠯᠡᠭᠴᠢ ᠪᠤᠯᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠠᠷᠢᠴᠠᠭ᠎ᠠ

ᠠᠷᠠᠳ ᠤᠨ ᠲᠦᠯᠤᠭᠡᠯᠡᠭᠴᠢ ᠪᠤᠯ ᠰᠤᠩᠭᠤᠭᠤᠯᠢ ᠶᠢᠨ ᠠᠷᠠᠳ ᠡᠴᠨ ᠰᠢᠭᠤᠤᠨ ᠰᠤᠩᠭᠤᠨ ᠭᠠᠷᠭᠠᠭᠰᠠᠨ ᠡᠯ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠦᠷᠢᠯᠳᠤᠬᠦᠨ ᠭᠡᠰᠢᠬᠦᠨ ᠪᠤᠯᠤᠨ᠎ᠡ᠃ ᠠᠷᠠᠳ ᠤᠨ ᠲᠦᠯᠤᠭᠡᠯᠡᠭᠴᠢ ᠦᠨᠳᠤᠰᠤᠨ ᠬᠠᠤᠯᠢ ᠪᠤᠯᠤᠨ ᠬᠠᠤᠯᠢ ᠴᠠᠭᠠᠵᠨ ᠡᠴᠨ ᠤᠯᠭᠤᠭᠰᠨᠨ ᠡᠯ᠎ᠡ ᠵᠤᠢ᠌ᠯ ᠤᠨ ᠡᠷᠭᠡ ᠲᠤᠰᠢᠶᠠᠯ ᠶᠤᠰᠤᠭᠠᠷ᠂ ᠰᠢᠭᠤᠤᠨ ᠤᠯᠤᠰ ᠤᠨ ᠡᠷᠭᠡ ᠵᠢ ᠶᠠᠪᠤᠭᠤᠯᠤᠨ᠎ᠡ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠨᠢ ᠠᠷᠠᠳ ᠤᠨ ᠲᠦᠯᠤᠭᠡᠯᠡᠭᠴᠢ ᠪᠡᠷ ᠪᠦᠷᠢᠯᠳᠤᠨ᠎ᠡ᠃

ᠲᠤᠯᠤᠭ᠎ᠠ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯᠤᠨ ᠤᠯᠤᠰ ᠤᠨ ᠪᠤᠰᠤᠤᠨ ᠪᠠᠢ᠌ᠭᠤᠯᠤᠯᠭ᠎ᠠ ᠶᠢᠨ ᠬᠠᠷᠢᠴᠠᠭ᠎ᠠ

ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯ ᠵᠠᠰᠠᠭ ᠵᠠᠬᠢᠷᠭᠠᠨ ᠤ ᠪᠠᠢ᠌ᠭᠤᠯᠤᠯᠭ᠎ᠠ᠂ ᠰᠢᠬᠦᠨ ᠲᠠᠰᠤᠯᠬᠤ ᠪᠠᠢ᠌ᠭᠤᠯᠤᠯᠭ᠎ᠠ᠂ ᠪᠠᠢ᠌ᠴᠠᠭᠠᠬᠤ ᠪᠠᠢ᠌ᠭᠤᠯᠤᠯᠭ᠎ᠠ᠂ ᠴᠡᠷᠢᠭ ᠤᠨ ᠶᠠᠪᠤᠳᠠᠯ ᠤᠨ ᠪᠠᠢ᠌ᠭᠤᠯᠤᠯᠭ᠎ᠠ ᠵᠡᠷᠭᠡ ᠵᠢ ᠪᠠᠭᠳᠠᠭᠠᠭᠰᠨᠨ ᠤᠯᠤᠰ ᠤᠨ ᠪᠤᠰᠤᠤᠨ ᠪᠠᠢ᠌ᠭᠤᠯᠤᠯᠭ᠎ᠠ ᠲᠠᠢ ᠬᠠᠮᠳᠤ ᠮᠠᠨ ᠤ ᠤᠯᠤᠰ ᠤᠨ ᠤᠯᠤᠰ ᠤᠨ ᠲᠤᠭᠳᠠᠯᠴᠠᠭ᠎ᠠ ᠵᠢ ᠪᠦᠷᠢᠯᠳᠤᠬᠦᠯᠵᠡᠢ᠃ ᠮᠠᠨ ᠤ ᠤᠯᠤᠰ ᠤᠨ ᠤᠯᠤᠰ ᠤᠨ ᠪᠠᠢ᠌ᠭᠤᠯᠤᠮᠵᠢ ᠶᠢᠨ ᠲᠤᠭᠳᠠᠯᠴᠠᠭ᠎ᠠ ᠲᠤᠮᠳᠠ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠨᠢ ᠭᠤᠤᠯ ᠪᠠᠢ᠌ᠷᠢᠨ ᠳᠤ ᠤᠷᠤᠰᠢᠵᠤ᠂ ᠤᠯᠤᠰ ᠤᠨ ᠪᠤᠰᠤᠤᠨ ᠪᠠᠢ᠌ᠭᠤᠯᠤᠯᠭ᠎ᠠ ᠪᠦᠷ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠡᠴᠨ ᠪᠤᠢ ᠪᠤᠯᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠳᠤ ᠬᠠᠷᠢᠭᠤᠴᠠᠠ ᠬᠢᠨᠠᠨ ᠪᠠᠢ᠌ᠴᠠᠭᠠᠯᠳᠠ ᠵᠢ ᠬᠦᠯᠢᠶᠡᠨ᠎ᠡ᠃ ᠲᠠᠳ᠋ᠨ ᠬᠤᠭᠤᠷᠤᠨᠳᠤ ᠪᠠᠨ ᠬᠢᠨᠠᠨ ᠪᠠᠢ᠌ᠴᠠᠭᠠᠬᠤ ᠪᠠ ᠬᠢᠨᠠᠨ ᠪᠠᠢ᠌ᠴᠠᠭᠠᠭᠳᠠᠬᠤ ᠬᠠᠷᠢᠴᠠᠭ᠎ᠠ ᠲᠠᠢ᠃

ᠨᠠ᠍ᠢᠮᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ ᠪᠤᠯᠤᠨ ᠦᠨᠳᠤᠰᠤᠨ ᠤᠯᠤᠰ ᠲᠦᠷᠤ ᠶᠢᠨ ᠲᠦᠷᠢᠮ ᠤᠨ ᠬᠠᠷᠢᠴᠠᠭ᠎ᠠ

ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ ᠪᠤᠯ ᠮᠠᠨ ᠤ ᠤᠯᠤᠰ ᠤᠨ ᠦᠨᠳᠤᠰᠤᠨ ᠤᠯᠤᠰ ᠲᠦᠷᠤ ᠶᠢᠨ ᠲᠦᠷᠢᠮ᠂ ᠮᠠᠨ ᠤ ᠤᠯᠤᠰ ᠤᠨ ᠦᠨᠳᠤᠰᠤᠨ ᠤᠯᠤᠰ ᠲᠦᠷᠤ ᠶᠢᠨ ᠲᠦᠷᠢᠮ ᠳᠤ ᠪᠠᠰᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠭᠰᠨᠨ ᠤᠯᠨᠨ ᠨᠠᠮ ᠬᠠᠮᠳᠤᠷᠠᠭᠰᠨᠨ ᠪᠠ ᠤᠯᠤᠰ ᠲᠦᠷᠤ ᠶᠢᠨ ᠵᠦᠪᠳᠡᠯᠴᠡᠬᠦ ᠲᠦᠷᠢᠮ᠂ ᠦᠨᠳᠤᠰᠤᠳᠠᠨ ᠤ ᠭᠠᠵᠠᠷ ᠤᠷᠤᠨ ᠤ ᠦᠪᠡᠷᠳᠡᠭᠡᠨ ᠵᠠᠰᠠᠬᠤ ᠲᠦᠷᠢᠮ ᠪᠤᠢ᠃ ᠨᠡᠢ᠌ᠭᠡᠮ ᠤᠨ ᠠᠷᠠᠳᠴᠢᠯᠠᠭᠰᠨᠨ ᠦᠵᠡᠯ ᠢ ᠬᠦᠭᠵᠢᠬᠦᠯᠬᠦ᠂ ᠨᠡᠢ᠌ᠭᠡᠮ ᠵᠢᠷᠤᠮ ᠤᠨ ᠤᠯᠤᠰ ᠲᠦᠷᠤ ᠶᠢᠨ ᠪᠤᠯᠪᠠᠰᠤᠨ ᠢ ᠪᠦᠳᠤᠭᠡᠨ ᠪᠠᠢ᠌ᠭᠤᠯᠬᠤ ᠳᠤ ᠲᠠᠭᠡᠷ᠎ᠠ ᠲᠤᠷᠠᠳᠤᠭᠰᠨᠨ ᠦᠨᠳᠤᠰᠤᠨ ᠤᠯᠤᠰ ᠲᠦᠷᠤ ᠶᠢᠨ ᠲᠦᠷᠢᠮ ᠢ ᠦᠷᠬᠦᠯᠵᠢᠯᠨᠨ ᠲᠠᠰᠤᠷᠠᠯᠳᠠ ᠦᠭᠡᠢ ᠪᠠᠷᠢᠮᠳᠠᠯᠠᠬᠤ ᠪᠠ ᠲᠠᠬᠦᠯᠳᠡᠷᠵᠢᠬᠦᠯᠬᠦ ᠭᠡᠷᠡᠭᠳᠡᠢ᠃

 

 

 

 


ᠡᠮᠦᠨᠡᠬᠢ᠄ ᠪᠠᠢ᠌ᠬᠤ ᠦᠭᠡᠢ᠃
ᠳᠠᠷᠠᠭᠠᠬᠢ᠄ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠ᠌ᠢ᠌ᠩᠭᠤ ᠶᠢᠨ ᠬᠤᠷᠢᠶ᠎ᠠ ᠶᠢᠨ ᠦᠨᠳᠤᠰᠤᠨ ᠪᠠᠢᠳᠠᠯ