ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠴᠨ ᠠᠷᠠᠳ ᠤᠨ ᠲᠦᠯᠤᠭᠡᠯᠡᠭᠴᠢᠳ ᠵᠢᠴᠢ ᠨᠢᠭᠡ ᠵᠦᠪᠯᠡᠯ ᠬᠤᠶᠠᠷ ᠬᠤᠷᠢᠶ᠎ᠠ ᠶᠢᠨ ᠺᠠᠳ᠋ᠷ ᠤᠨ ᠲᠦᠷᠪᠡᠳᠤᠭᠡᠷ ᠬᠤᠭᠤᠴᠠᠭᠠᠨ ᠤ ᠪᠤᠯᠪᠠᠰᠤᠷᠠᠯ ᠤᠨ ᠠᠩᠬᠢ ᠡᠷᠬᠢᠯᠡᠭᠰᠡᠡ ᠨᠢ
12 ᠰᠠᠷ᠎ᠠ ᠶᠢᠨ 14᠋ ᠤ ᠡᠳᠤᠷ᠂ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠴᠨ ᠠᠷᠠᠳ ᠤᠨ ᠲᠦᠯᠤᠭᠡᠯᠡᠭᠴᠢᠳ ᠵᠢᠴᠢ ᠨᠢᠭᠡ ᠵᠦᠪᠯᠡᠯ ᠬᠤᠶᠠᠷ ᠬᠤᠷᠢᠶ᠎ᠠ ᠶᠢᠨ ᠺᠠᠳ᠋ᠷ ᠤᠨ ᠲᠦᠷᠪᠡᠳᠤᠭᠡᠷ ᠬᠤᠭᠤᠴᠠᠭᠠᠨ ᠤ ᠪᠤᠯᠪᠠᠰᠤᠷᠠᠯ ᠤᠨ ᠠᠩᠬᠢ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠤᠩᠭᠤᠭᠤᠯᠢ ᠶᠢᠨ ᠶᠠᠪᠤᠳᠠᠯ ᠤᠨ ᠲᠦᠯᠤᠭᠡᠯᠡᠭᠴᠢᠳ ᠤᠨ ᠠᠵᠢᠯ ᠤᠨ ᠵᠦᠪᠯᠡᠯ ᠤᠨ ᠠᠯᠪᠠᠨ ᠭᠡᠷ ᠤᠨ ᠡᠷᠬᠢᠯᠡᠭᠴᠢ ᠢᠤᠢ ᠶᠦ᠋ᠩ ᠴᠠᠩ ᠨᠦᠬᠦᠷ ᠢ ᠤᠷᠢᠵᠤ ᠬᠢᠴᠢᠶᠠᠯ ᠲᠠᠢᠯᠪᠤᠷᠢᠯᠡᠭᠤᠯᠤᠭᠰᠨᠨ ᠪᠠᠢᠨ᠎ᠡ᠃ ᠦᠪᠡᠷᠳᠡᠭᠡᠨ ᠵᠠᠰᠠᠬᠤ ᠤᠷᠤᠨ᠂ ᠬᠤᠳᠠ᠂ ᠬᠤᠰᠢᠭᠤ᠂ ᠰᠤᠮᠤ ᠪᠠᠯᠭᠠᠰᠤ ᠶᠢᠨ ᠱᠠᠳᠤᠨ ᠤ ᠠᠷᠠᠳ ᠤᠨ ᠲᠦᠯᠤᠭᠡᠯᠡᠭᠴᠢᠳ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠢᠢᠨ ᠬᠤᠷᠢᠶ᠎ᠠ ᠡᠴᠨ ᠲᠤᠮᠢᠯᠠᠭᠰᠨᠨ ᠨᠢᠭᠡ ᠵᠦᠪᠯᠡᠯ ᠬᠤᠶᠠᠷ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠤᠬᠦᠨ ᠭᠡᠰᠢᠬᠦᠨ ᠺᠠᠳ᠋ᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠦᠷᠢᠯᠳᠤᠬᠦᠨ ᠭᠡᠰᠢᠬᠦᠨ ᠪᠤᠯᠤᠨ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠨᠡᠢᠳᠠ 300 ᠢᠯᠡᠬᠦᠤ ᠬᠦᠮᠤᠰ ᠲᠤᠰ ᠤᠳᠠᠭᠠᠨ ᠤ ᠪᠤᠯᠪᠠᠰᠤᠷᠠᠯ ᠳᠤ ᠤᠷᠤᠯᠴᠠᠭᠰᠨᠨ ᠪᠠᠢᠨ᠎ᠡ᠃



ᠢᠤᠢ ᠶᠦ᠋ᠩ ᠴᠠᠩ ᠡᠷᠬᠢᠯᠡᠭᠴᠢ ᠡᠴᠨ ᠤᠯᠠᠨ ᠵᠢᠯ ᠤᠨ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠮᠠᠨ ᠤ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠬᠦᠭᠵᠢᠯᠳᠠ ᠶᠢᠨ ᠦᠩᠭᠡᠷᠡᠯᠳᠠ᠂ ᠠᠷᠠᠳ ᠤᠨ ᠲᠦᠯᠤᠭᠡᠯᠡᠭᠴᠢ ᠶᠢᠨ ᠡᠷᠭᠡ ᠪᠤᠯᠤᠨ ᠡᠬᠦᠷᠭᠡ ᠵᠢᠴᠢ ᠠᠷᠠᠳ ᠤᠨ ᠲᠦᠯᠤᠭᠡᠯᠡᠭᠴᠢ ᠭᠡᠷᠬᠢᠨ ᠲᠤᠰᠢᠶᠠᠯ ᠶᠢᠠᠨ ᠬᠦᠢᠴᠡᠳᠭᠡᠬᠦ ᠵᠡᠷᠭᠡ ᠠᠰᠠᠭᠤᠳᠠᠯ ᠳᠤ ᠬᠦᠨ ᠬᠦᠨᠵᠡᠭᠡᠢ ᠲᠠᠢᠯᠪᠤᠷᠢᠯᠠᠯᠳᠠ ᠬᠢᠭ᠍ᠰᠡᠡ ᠪᠠᠢᠨ᠎ᠡ᠃ ᠮᠡᠳᠡᠬᠦᠯᠤᠯᠳᠠ ᠶᠢᠨ ᠠᠭᠤᠯᠭ᠎ᠠ ᠨᠢ ᠪᠠᠶᠠᠯᠢᠭ᠂ ᠠᠮᠢᠳᠤᠯᠢᠭ ᠰᠠᠢᠬᠠᠨ ᠪᠠᠢᠵᠤ᠂ ᠬᠤᠷᠠᠯ ᠳᠤ ᠤᠷᠤᠯᠴᠠᠭᠰᠠᠳ ᠲᠤ ᠰᠢ ᠵᠢᠨ ᠫᠢᠩ ᠶᠡᠷᠤᠩᠭᠡᠢ ᠱᠦᠵᠢ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠳᠠᠯᠬᠤ ᠪᠠ ᠲᠠᠬᠦᠯᠳᠡᠷᠵᠢᠬᠦᠯᠬᠦ ᠴᠢᠬᠤᠯᠨ ᠦᠵᠡᠯ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠬᠤ ᠳᠤ ᠢᠳᠡᠪᠬᠢᠳᠠᠢ ᠵᠢᠯᠤᠭᠤᠳᠬᠤ ᠤᠢᠯᠡᠳᠤᠯ ᠦᠵᠡᠬᠦᠯᠦᠭᠰᠨᠨ ᠪᠠᠢᠨ᠎ᠡ᠃



ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠳ᠋ᠦ᠋ᠩᠨᠡᠯᠳᠠ ᠶᠢᠨ ᠶᠠᠷᠢᠶᠠᠨ ᠳᠠᠭᠠᠨ ᠵᠢᠭᠠᠵᠤ ᠭᠠᠷᠭᠠᠭᠰᠨᠨ ᠨᠢ᠂ ᠲᠦᠯᠤᠭᠡᠯᠡᠭᠴᠢᠳ ᠲᠠᠷᠠᠭᠠᠴᠢ ᠶᠢᠨ ᠠᠵᠢᠯ ᠲᠤᠮᠳᠠ ᠪᠠᠨ᠂ ᠲᠦᠪᠯᠡᠷᠡᠨ ᠰᠤᠷᠤᠯᠴᠠᠬᠤ ᠳᠤ ᠢᠳᠡᠪᠬᠢᠳᠠᠢ ᠤᠷᠤᠯᠴᠠᠬᠤ ᠪᠠ ᠬᠤᠪᠢ ᠬᠦᠮᠤᠨ ᠤ ᠲᠠᠰᠤᠷᠠᠯᠳᠠ ᠦᠭᠡᠢ ᠰᠤᠷᠤᠯᠴᠠᠯᠭ᠎ᠠ ᠪᠡᠷ ᠲᠠᠮᠵᠢᠨ ᠮᠡᠳᠡᠯᠭᠡ ᠶᠢᠨ ᠭᠡᠪᠴᠢᠶ᠎ᠠ ᠪᠠᠨ ᠦᠷᠭᠡᠵᠢᠬᠦᠯᠤᠨ᠂ ᠲᠤᠰᠢᠶᠠᠯ ᠶᠢᠠᠨ ᠬᠦᠢᠴᠡᠳᠭᠡᠬᠦ ᠴᠢᠳᠠᠪᠤᠷᠢ ᠪᠠᠨ ᠨᠡᠮᠡᠭᠳᠡᠬᠦᠯᠵᠤ᠂ ᠤᠨᠤᠯ ᠶᠢᠠᠷ ᠵᠡᠪᠰᠡᠭᠯᠡᠭᠰᠨᠨ ᠦᠷ᠎ᠠ ᠪᠦᠳᠤᠭᠡᠯ ᠶᠢᠠᠷ ᠠᠵᠢᠯ ᠶᠢᠠᠨ ᠲᠦᠯᠬᠢᠨ ᠠᠬᠢᠭᠤᠯᠬᠤ ᠪᠤᠳᠠᠳᠤ ᠠᠵᠢᠯᠯᠠᠭ᠎ᠠ ᠪᠤᠯᠭᠠᠨ ᠬᠤᠪᠢᠷᠠᠭᠠᠬᠤ ᠭᠡᠷᠡᠭᠳᠡᠢ᠃ ᠤᠤᠯ ᠤᠨ ᠰᠤᠩᠭᠤᠭᠤᠯᠢ ᠶᠢᠨ ᠲᠤᠭᠤᠷᠢᠭ ᠳᠠᠭᠠᠨ ᠬᠦᠨᠵᠡᠭᠡᠢᠷᠡᠨ ᠤᠯᠨᠨ ᠲᠦᠮᠨᠨ ᠲᠠᠢ ᠬᠠᠷᠢᠯᠴᠠᠵᠤ᠂ ᠨᠡᠢᠭᠡᠮ ᠤᠨ ᠪᠠᠢᠳᠠᠯ ᠠᠷᠠᠳ ᠤᠨ ᠰᠠᠨᠠᠭ᠎ᠠ ᠶᠢ ᠴᠤᠭᠯᠠᠭᠤᠯᠤᠨ᠂ ᠰᠠᠨᠠᠯ ᠵᠦᠪᠯᠡᠯᠭᠡ ᠪᠤᠯᠭᠠᠵᠤ᠂ ᠰᠤᠩᠭᠤᠭᠤᠯᠢ ᠶᠢᠨ ᠠᠷᠠᠳ ᠤᠨ ᠠᠰᠠᠭᠤᠳᠠᠯ ᠪᠤᠯᠤᠨ ᠭᠤᠶᠤᠴᠢᠯᠠᠯ ᠢ ᠲᠤᠰᠬᠠᠨ᠂ ᠲᠠᠷᠠᠭᠠᠴᠢ ᠪᠡᠷ ᠬᠤᠷᠠᠯᠳᠤᠬᠤ ᠭᠡᠵᠤ ᠪᠠᠢᠭ᠎ᠠ ᠡᠯ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠳᠤ ᠦᠨ᠎ᠡ ᠦᠷᠳᠡᠭ ᠲᠠᠢ ᠰᠠᠨᠠᠯ ᠵᠦᠪᠯᠡᠯᠭᠡ ᠪᠤᠯᠤᠨ ᠰᠠᠨᠠᠭᠤᠯᠭ᠎ᠠ ᠲᠤᠷᠠᠳᠬᠤ ᠭᠡᠷᠡᠭᠳᠡᠢ ᠭᠡᠵᠡᠢ᠃
ᠲᠤᠰ ᠤᠳᠠᠭᠠᠨ ᠤ ᠪᠤᠯᠪᠠᠰᠤᠷᠠᠯ ᠪᠤᠯ ᠰᠢᠨ᠎ᠠ ᠨᠢᠭᠡ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠪᠤᠢ ᠪᠤᠯᠤᠭᠰᠨᠨ ᠡᠴᠨ ᠨᠠᠭᠠᠰᠢᠬᠢ ᠲᠦᠷᠪᠡᠳᠤᠭᠡᠷ ᠤᠳᠠᠭᠠᠨ ᠤ ᠶᠡᠭᠡ ᠬᠡᠪᠴᠢᠶᠠᠨ ᠤ ᠲᠦᠯᠤᠭᠡᠯᠡᠭᠴᠢᠳ ᠤᠨ ᠪᠤᠯᠪᠠᠰᠤᠷᠠᠯ ᠤᠨ ᠬᠦᠳᠡᠯᠭᠡᠭᠡᠨ ᠪᠤᠯᠤᠨ᠎ᠡ᠃ ᠵᠢᠯ ᠤᠨ ᠡᠬᠢᠨ ᠡᠴᠨ ᠨᠠᠰᠢ᠂ ᠬᠤᠭᠤᠴᠠᠭ᠎ᠠ ᠰᠤᠯᠢᠭᠰᠨᠨ ᠤ ᠲᠠᠷᠠᠭ᠎ᠠ ᠰᠢᠨ᠎ᠡ ᠲᠦᠯᠤᠭᠡᠯᠡᠭᠴᠢᠳ ᠤᠯᠨᠨ᠂ ᠲᠤᠰᠢᠶᠠᠯ ᠶᠢᠠᠨ ᠬᠦᠢᠴᠡᠳᠭᠡᠬᠦ ᠴᠢᠳᠠᠪᠤᠷᠢ ᠠᠨᠠᠢ ᠪᠠᠢᠭ᠎ᠠ ᠪᠤᠳᠠᠳᠤ ᠪᠠᠢᠳᠠᠯ ᠳᠤ ᠴᠢᠭᠯᠡᠬᠦᠯᠤᠨ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠴᠨ ᠲᠤᠰᠬᠠᠢ ᠮᠡᠷᠭᠡᠵᠢᠯᠳᠠ ᠴᠢᠳᠠᠪᠤᠷᠢᠳᠠᠨ᠂ ᠨᠠᠮ ᠤᠨ ᠰᠤᠷᠭᠠᠭᠤᠯᠢ ᠶᠢᠨ ᠪᠠᠭᠰᠢ ᠤᠷᠢᠵᠤ ᠬᠢᠴᠢᠶᠠᠯ ᠲᠠᠢᠯᠪᠤᠷᠢᠯᠠᠬᠤ ᠭᠡᠯᠪᠡᠷᠢ ᠪᠡᠷ ᠲᠦᠷᠪᠡᠨ ᠱᠠᠳᠤᠨ ᠤ ᠠᠷᠠᠳ ᠤᠨ ᠲᠦᠯᠤᠭᠡᠯᠡᠭᠴᠢ ᠪᠤᠯᠤᠨ ᠨᠢᠭᠡ ᠵᠠᠰᠠᠭ ᠨᠢᠭᠡ ᠵᠦᠪᠯᠡᠯ ᠬᠤᠶᠠᠷ ᠬᠤᠷᠢᠶ᠎ᠠ ᠶᠢᠨ ᠺᠠᠳ᠋ᠷ ᠢ ᠵᠤᠬᠢᠶᠠᠨ ᠪᠠᠢᠭᠤᠯᠵᠤ᠂ ᠤᠯᠤᠰ ᠲᠦᠷᠤ ᠶᠢᠨ ᠤᠨᠤᠯ᠂ ᠬᠠᠤᠯᠢ ᠴᠠᠭᠠᠵᠨ ᠬᠠᠤᠯᠢ ᠲᠦᠷᠢᠮ ᠪᠤᠯᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠤᠬᠠᠢᠯᠠᠭᠰᠨᠨ ᠠᠵᠢᠯ ᠤᠨ ᠮᠡᠳᠡᠯᠭᠡ ᠶᠢ ᠰᠢᠰᠲ᠋ᠸᠮ ᠲᠠᠢ ᠰᠤᠷᠤᠯᠴᠠᠭᠰᠨᠨ ᠪᠠᠢᠨ᠎ᠡ᠃ ᠪᠤᠯᠪᠠᠰᠤᠷᠠᠯ ᠶᠢᠠᠷ ᠲᠠᠮᠵᠢᠨ᠂ ᠲᠦᠯᠤᠭᠡᠯᠡᠭᠴᠢᠳ ᠤᠨ ᠲᠤᠰᠢᠶᠠᠯ ᠶᠢᠠᠨ ᠬᠦᠢᠴᠡᠳᠭᠡᠬᠦ ᠦᠵᠡᠯ ᠤᠬᠠᠮᠰᠠᠷ ᠢ ᠦᠨᠡᠨᠬᠦ ᠴᠢᠩᠭᠠᠷᠠᠭᠤᠯᠵᠤ᠂ ᠲᠦᠯᠤᠭᠡᠯᠡᠭᠴᠢᠳ ᠤᠨ ᠲᠤᠰᠢᠶᠠᠯ ᠶᠢᠠᠨ ᠬᠦᠢᠴᠡᠳᠭᠡᠬᠦ ᠴᠢᠳᠠᠪᠤᠷᠢ ᠶᠢ ᠲᠠᠭᠡᠭᠰᠢᠯᠡᠬᠦᠯᠪᠡ᠃ ᠠᠷᠠᠳ ᠤᠨ ᠲᠦᠯᠤᠭᠡᠯᠡᠭᠴᠢᠳ ᠤᠨ ᠤᠢᠯᠡᠳᠤᠯ ᠶᠢᠠᠨ ᠨᠡᠩ ᠰᠠᠢᠨ ᠪᠠᠳᠠᠷᠠᠭᠤᠯᠵᠤ᠂ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠳᠤ ᠬᠦᠴᠤᠨ ᠨᠡᠮᠡᠷᠢᠯᠡᠨ᠂ ᠲᠦᠯᠤᠭᠡᠯᠡᠭᠴᠢ ᠶᠢᠨ ᠠᠵᠢᠯ ᠤᠨ ᠲᠠᠰᠤᠷᠠᠯᠳᠠ ᠦᠭᠡᠢ ᠲᠠᠬᠦᠯᠳᠡᠷᠵᠢᠬᠦ ᠳᠤ ᠬᠦᠴᠤᠷᠭᠡᠭ᠌ ᠤᠨᠤᠯ ᠤᠨ ᠪᠠᠳᠤᠯᠠᠭ᠎ᠠ ᠬᠠᠩᠭᠠᠭᠰᠨᠨ ᠪᠠᠢᠨ᠎ᠡ᠃