ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠴᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢᠳ ᠰᠤᠩᠭᠤᠭᠤᠯᠢ ᠶᠢᠨ ᠠᠷᠠᠳ ᠲᠤ ᠲᠤᠰᠢᠶᠠᠯ ᠤᠨ ᠲᠤᠭᠠᠴᠢᠯᠳᠠ ᠬᠢᠬᠦ ᠬᠦᠳᠡᠯᠭᠡᠭᠡᠨ ᠢ ᠢᠳᠡᠪᠬᠢᠳᠠᠢ ᠦᠷᠨᠢᠬᠦᠯᠦᠭᠰᠨᠨ ᠨᠢ
ᠠᠷᠠᠳ ᠤᠨ ᠲᠦᠯᠤᠭᠡᠯᠡᠭᠴᠢᠳ ᠤᠨ ᠤᠢᠯᠡᠳᠤᠯ ᠢ ᠬᠦᠢᠴᠡᠳ ᠪᠠᠳᠠᠷᠠᠭᠤᠯᠵᠤ᠂ ᠠᠷᠠᠳ ᠤᠨ ᠲᠦᠯᠤᠭᠡᠯᠡᠭᠴᠢ ᠪᠤᠯᠤᠨ ᠰᠤᠩᠭᠤᠭᠤᠯᠢ ᠶᠢᠨ ᠠᠷᠠᠳ ᠤᠨ ᠬᠠᠷᠢᠴᠠᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠲᠦᠯᠤᠭᠡᠯᠡᠭᠴᠢ ᠶᠢᠨ ᠲᠤᠰᠢᠶᠠᠯ ᠶᠢᠠᠨ ᠬᠦᠢᠴᠡᠳᠭᠡᠬᠦ ᠢᠳᠡᠪᠬᠢ ᠴᠢᠨᠠᠷ ᠢ ᠠᠬᠢᠭᠤᠯᠬᠤ ᠶᠢᠨ ᠲᠦᠯᠤᠭᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠴᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢᠳ ᠢ ᠢᠳᠡᠪᠬᠢᠳᠠᠢ ᠵᠤᠬᠢᠶᠠᠨ ᠪᠠᠢᠭᠤᠯᠵᠤ᠂ ᠰᠤᠩᠭᠤᠭᠤᠯᠢ ᠶᠢᠨ ᠠᠷᠠᠳ ᠲᠤ ᠲᠤᠰᠢᠶᠠᠯ ᠤᠨ ᠲᠤᠭᠠᠴᠢᠯᠳᠠ ᠬᠢᠬᠦ ᠬᠦᠳᠡᠯᠭᠡᠭᠡᠨ ᠦᠷᠨᠢᠬᠦᠯᠪᠠ᠃




ᠲᠤᠰᠢᠶᠠᠯ ᠤᠨ ᠲᠤᠭᠠᠴᠢᠯᠳᠠ ᠬᠢᠬᠦ ᠳᠡᠭᠡᠨ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢᠳ ᠭᠤᠤᠯᠳᠠᠭᠤ ᠲᠤᠰᠢᠶᠠᠯ ᠬᠠᠷᠢᠭᠤᠴᠠᠭᠰᠨᠨ ᠡᠴᠨ ᠨᠠᠭᠠᠰᠢᠬᠢ ᠨᠠᠮ ᠤᠨ ᠱᠤᠭᠤᠮ᠂ ᠴᠢᠭᠯᠡᠯᠳᠠ᠂ ᠲᠦᠷᠤ ᠶᠢᠨ ᠪᠤᠳᠤᠯᠭ᠎ᠠ ᠪᠠ ᠦᠨᠳᠤᠰᠤᠨ ᠬᠠᠤᠯᠢ᠂ ᠬᠠᠤᠯᠢ ᠴᠠᠭᠠᠵᠨ᠂ ᠬᠠᠤᠯᠢ ᠲᠦᠷᠢᠮ ᠪᠤᠯᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠢᠢᠳᠪᠤᠷᠢ᠂ ᠲᠤᠭᠳᠠᠭᠠᠯ ᠢ ᠰᠤᠷᠤᠯᠴᠠᠨ᠂ ᠤᠬᠠᠭᠤᠯᠵᠤ᠂ ᠲᠤᠭᠤᠰᠢᠯᠠᠭᠤᠯᠤᠨ ᠭᠡᠷᠡᠭᠵᠢᠬᠦᠯᠦᠭᠰᠨᠨ ᠪᠠᠢᠳᠠᠯ ᠢ ᠲᠤᠭᠠᠴᠢᠭᠰᠨᠨ ᠪᠠᠢᠨ᠎ᠡ᠃ ᠰᠤᠩᠭᠤᠭᠤᠯᠢ ᠶᠢᠨ ᠠᠷᠠᠳ ᠢ ᠰᠤᠷᠪᠤᠯᠵᠢᠯᠠᠨ᠂ ᠤᠯᠨᠨ ᠲᠦᠮᠨᠨ ᠲᠠᠢ ᠬᠠᠷᠢᠯᠴᠠᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠳᠤ ᠰᠠᠨᠠᠯ ᠵᠦᠪᠯᠡᠯᠭᠡ᠂ ᠰᠠᠨᠠᠭᠤᠯᠭ᠎ᠠ ᠲᠤᠷᠠᠳᠤᠭᠰᠨᠨ ᠪᠠᠢᠳᠠᠯ ᠪᠠ ᠶᠡᠭᠡ ᠬᠤᠷᠠᠯ ᠳᠤ ᠤᠷᠤᠯᠴᠠᠭᠰᠠᠨ ᠵᠢᠴᠢ ᠠᠷᠢᠭᠤᠨ ᠴᠢᠭᠡᠴᠢ ᠪᠡᠷ ᠪᠠᠶ᠎ᠠ ᠪᠠᠨ ᠪᠠᠷᠢᠬᠤ᠂ ᠠᠷᠠᠳ ᠤᠨ ᠲᠦᠯᠤᠭᠡᠯᠡᠭᠴᠢ ᠶᠢᠨ ᠰᠠᠢᠨ ᠰᠠᠢᠬᠠᠨ ᠲᠦᠷᠢ ᠲᠦᠷᠬᠦ ᠶᠢ ᠪᠤᠢ ᠪᠤᠯᠭᠠᠭᠰᠨᠨ ᠪᠠ ᠤᠯᠨᠨ ᠲᠦᠮᠨᠨ ᠳᠤ ᠪᠤᠳᠠᠳᠠᠢ ᠤᠴᠢᠷ ᠰᠠᠢᠨ ᠶᠠᠪᠤᠳᠠᠯ ᠬᠢᠭ᠍ᠰᠡᠡ ᠵᠡᠷᠭᠡ ᠠᠵᠢᠯ ᠤᠨ ᠪᠠᠢᠳᠠᠯ ᠤᠨ ᠲᠤᠬᠠᠢ ᠬᠠᠷᠢᠭᠤ ᠮᠡᠳᠡᠬᠦᠯᠤᠯᠳᠠ ᠬᠢᠪᠡ᠃ ᠬᠠᠮᠳᠤ ᠳᠤᠨᠢ᠂ ᠦᠪᠡᠷ ᠤᠨ ᠠᠵᠢᠯ ᠲᠠᠢ ᠪᠠᠨ ᠤᠶᠠᠯᠳᠤᠭᠤᠯᠵᠤ᠂ ᠲᠠᠷᠭᠠᠴᠢ ᠪᠡᠷ ᠲᠤᠰᠢᠶᠠᠯ ᠶᠢᠠᠨ ᠬᠡᠷᠬᠢᠨ ᠬᠦᠢᠴᠡᠳᠭᠡᠭᠰᠨᠨ ᠶᠢᠠᠨ ᠲᠤᠬᠠᠢ ᠶᠢᠨ ᠭᠠᠵᠠᠷ ᠲᠤ ᠤᠪᠤᠷ ᠶᠢᠠᠨ ᠢᠯᠡᠳᠭᠡᠭᠰᠨᠨ ᠪᠠᠢᠨ᠎ᠡ᠃ ᠬᠤᠷᠠᠯ ᠳᠤ ᠤᠷᠤᠯᠴᠠᠭᠰᠨᠨ ᠰᠤᠩᠭᠤᠭᠤᠯᠢ ᠶᠢᠨ ᠠᠷᠠᠳ ᠤᠨ ᠲᠦᠯᠤᠭᠡᠯᠡᠭᠴᠢ ᠡᠴᠨ ᠲᠤᠰᠢᠶᠠᠯ ᠤᠨ ᠲᠤᠭᠠᠴᠢᠯᠳᠠ ᠬᠢᠭ᠍ᠰᠡᠡ ᠬᠤᠰᠢᠭᠤᠨ ᠲᠠᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢᠨ ᠲᠤᠰᠢᠶᠠᠯ ᠬᠦᠢᠴᠡᠳᠭᠡᠭᠰᠨᠨ ᠪᠠᠢᠳᠠᠯ ᠳᠤ ᠨᠠᠷᠠ ᠲᠠᠮᠳᠡᠭᠯᠡᠬᠦ ᠦᠭᠡᠢ ᠪᠡᠷ ᠬᠠᠨᠤᠮᠵᠢ ᠶᠢᠨ ᠭᠡᠮᠵᠢᠶᠠᠨ ᠤ ᠦᠨᠡᠯᠡᠯᠳᠠ ᠬᠢᠬᠦ ᠶᠢᠨ ᠬᠠᠮᠳᠤ᠂ ᠰᠠᠨᠠᠯ ᠰᠠᠨᠠᠭᠤᠯᠭ᠎ᠠ ᠲᠤᠷᠠᠳᠤᠭᠰᠨᠨ ᠪᠠᠢᠨ᠎ᠡ᠃
ᠲᠤᠰ ᠤᠳᠠᠭᠠᠨ ᠤ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠦᠷᠨᠢᠬᠦᠯᠦᠭᠰᠨᠨ ᠠᠷᠠᠳ ᠤᠨ ᠲᠦᠯᠤᠭᠡᠯᠡᠭᠴᠢ ᠶᠢᠨ ᠲᠤᠰᠢᠶᠠᠯ ᠤᠨ ᠲᠤᠭᠠᠴᠢᠯᠳᠠ ᠶᠢᠨ ᠬᠦᠳᠡᠯᠭᠡᠭᠡᠨ ᠪᠤᠯ《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯᠤᠨ ᠤᠷᠤᠨ ᠨᠤᠳᠤᠭ ᠤᠨ ᠡᠯ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢᠨ ᠬᠠᠤᠯᠢ》《ᠠᠷᠠᠳ ᠤᠨ ᠲᠦᠯᠤᠭᠡᠯᠡᠭᠴᠢᠳ ᠤᠤᠯ ᠤᠨ ᠰᠤᠩᠭᠤᠭᠤᠯᠢ ᠶᠢᠨ ᠲᠤᠭᠤᠷᠢᠭ ᠤᠨ ᠰᠤᠩᠭᠤᠭᠤᠯᠢ ᠶᠢᠨ ᠠᠷᠠᠳ ᠪᠤᠶᠤ ᠰᠤᠩᠭᠤᠭᠤᠯᠢ ᠶᠢᠨ ᠪᠠᠢᠭᠤᠯᠭ᠎ᠠ ᠶᠢᠨ ᠬᠢᠨᠠᠯᠳᠠ ᠶᠢ ᠬᠦᠯᠢᠶᠡᠬᠦ ᠲᠤᠬᠠᠢ》《ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠤᠯᠠᠨ ᠵᠤᠢᠯ ᠤᠨ ᠭᠡᠯᠪᠡᠷᠢ ᠪᠡᠷ ᠦᠷᠬᠦᠯᠵᠢ ᠤᠯᠨᠨ ᠲᠦᠮᠨᠨ ᠤ ᠰᠠᠨᠠᠯ ᠢ ᠰᠤᠨᠤᠰᠴᠤ᠂ ᠤᠤᠯ ᠤᠨ ᠰᠤᠩᠭᠤᠭᠤᠯᠢ ᠶᠢᠨ ᠲᠤᠭᠤᠷᠢᠭ ᠪᠤᠶᠤ ᠰᠤᠩᠭᠤᠭᠤᠯᠢ ᠶᠢᠨ ᠪᠠᠢᠭᠤᠯᠭ᠎ᠠ ᠡᠴᠨ ᠲᠦᠯᠤᠭᠡᠯᠡᠭᠴᠢ ᠶᠢᠨ ᠠᠵᠢᠯ ᠪᠤᠯᠤᠨ ᠲᠦᠯᠤᠭᠡᠯᠡᠭᠴᠢ ᠶᠢᠨ ᠬᠦᠳᠡᠯᠭᠡᠭᠡᠨ ᠢ ᠯᠠᠪᠯᠨᠨ ᠠᠰᠠᠭᠤᠬᠤ ᠶᠢ ᠬᠠᠷᠢᠭᠤᠯᠬᠤ ᠲᠤᠬᠠᠢ》ᠵᠡᠷᠭᠡ ᠲᠦᠷᠢᠮ ᠲᠤᠭᠳᠠᠭᠠᠯ ᠢ ᠦᠨᠳᠤᠰᠤᠯᠡᠨ ᠶᠠᠪᠤᠭᠳᠠᠭᠤᠯᠤᠭᠰᠨᠨ ᠪᠠᠢᠨ᠎ᠡ᠃
ᠲᠤᠰᠢᠶᠠᠯ ᠤᠨ ᠲᠤᠭᠠᠴᠢᠯᠳᠠ ᠶᠢᠨ ᠬᠦᠳᠡᠯᠭᠡᠭᠡᠨ ᠨᠢ 2018 ᠤᠨ ᠤ 11 ᠰᠠᠷ᠎ᠠ ᠡᠴᠨ 2022 ᠤᠨ ᠤ 6 ᠰᠠᠷ᠎ᠠ ᠪᠤᠯᠳᠠᠯ᠎ᠠ ᠪᠦᠬᠦ ᠲᠦᠯᠤᠭᠡᠯᠡᠭᠴᠢ ᠲᠤᠰᠢᠶᠠᠯ ᠶᠢᠠᠨ ᠲᠤᠭᠠᠴᠢᠵᠤ ᠲᠠᠭᠤᠰᠬᠠᠨ᠎ᠡ᠃ ᠤᠳᠤ ᠳᠤ᠂ ᠪᠦᠬᠦ ᠬᠤᠰᠢᠭᠤᠨ ᠤ 185 ᠨᠡᠷᠡᠰ ᠲᠦᠯᠤᠭᠡᠯᠡᠭᠴᠢ ᠡᠴᠨ 52 ᠨᠡᠷᠡᠰ ᠲᠦᠯᠤᠭᠡᠯᠡᠭᠴᠢ ᠲᠤᠰᠢᠶᠠᠯ ᠤᠨ ᠲᠤᠭᠠᠴᠢᠯᠳᠠ ᠬᠢᠵᠤ ᠂ ᠲᠤᠰ ᠲᠦᠷᠤᠯ ᠤᠨ ᠠᠵᠢᠯ ᠤᠨ ᠡᠬᠦᠷᠭᠡ ᠪᠠᠨ ᠲᠠᠬᠦᠰ ᠠᠮᠵᠢᠯᠳᠠ ᠲᠠᠢ ᠪᠠᠶᠯᠡᠬᠦᠯᠦᠭᠰᠨᠨ ᠪᠠᠢᠨ᠎ᠡ᠃
ᠠᠷᠠᠳ ᠤᠨ ᠲᠦᠯᠤᠭᠡᠯᠡᠭᠴᠢ ᠶᠢᠨ ᠲᠤᠰᠢᠶᠠᠯ ᠤᠨ ᠲᠤᠭᠠᠴᠢᠯᠳᠠ ᠶᠢᠨ ᠦᠨᠡᠯᠡᠯᠳᠠ ᠶᠢᠨ ᠬᠦᠳᠡᠯᠭᠡᠭᠡᠨ ᠨᠢ ᠰᠤᠩᠭᠤᠭᠤᠯᠢ ᠶᠢᠨ ᠠᠷᠠᠳ ᠡᠴᠨ ᠲᠦᠯᠤᠭᠡᠯᠡᠭᠴᠢ ᠳᠤ ᠠᠪᠤᠭᠰᠨᠨ ᠬᠢᠵᠠᠭᠠᠷᠯᠠᠯ ᠤᠨ ᠬᠢᠨᠠᠯᠳᠠ ᠶᠢᠨ ᠵᠤᠬᠢᠴᠠᠮᠵᠢ ᠪᠠᠢᠵᠤ᠂ ᠲᠦᠯᠤᠭᠡᠯᠡᠭᠴᠢ ᠶᠢᠨ ᠠᠵᠢᠯ ᠶᠢᠠᠨ ᠰᠠᠢᠵᠢᠷᠠᠭᠤᠯᠬᠤ ᠶᠢ ᠲᠦᠯᠬᠢᠨ ᠠᠬᠢᠭᠤᠯᠵᠤ᠂ ᠲᠦᠯᠤᠭᠡᠯᠡᠭᠴᠢ ᠶᠢᠨ ᠲᠤᠰ ᠪᠠᠶ᠎ᠠ ᠶᠢᠨ ᠤᠤᠷ ᠴᠢᠨᠠᠷ ᠢ ᠲᠠᠭᠡᠭᠰᠢᠯᠡᠬᠦᠯᠪᠡ᠃ ᠲᠦᠯᠤᠭᠡᠯᠡᠭᠴᠢ ᠲᠤᠰᠢᠶᠠᠯ ᠤᠨ ᠲᠤᠭᠠᠴᠢᠯᠳᠠ ᠶᠢᠨ ᠦᠨᠡᠯᠡᠯᠳᠠ ᠶᠢᠨ ᠤᠢᠯᠡᠳᠤᠯᠭᠡ ᠪᠡᠷ ᠲᠠᠮᠵᠢᠨ᠂ ᠲᠦᠯᠤᠭᠡᠯᠡᠭᠴᠢ ᠶᠢᠨ ᠡᠬᠦᠷᠭᠡ ᠬᠠᠷᠢᠭᠤᠴᠠᠯᠭ᠎ᠠ ᠪᠠᠨ ᠤᠯᠠᠮ ᠬᠦᠨᠵᠡᠭᠡᠢ ᠲᠠᠨᠢᠵᠤ᠂ ᠦᠷᠭᠡᠨ ᠤᠯᠨᠨ ᠰᠤᠩᠭᠤᠭᠤᠯᠢ ᠶᠢᠨ ᠠᠷᠠᠳ ᠤᠨ ᠬᠦᠰᠡᠯ ᠢ ᠬᠦᠰᠡᠷᠳᠡᠬᠦᠯᠦᠭᠰᠡᠡ ᠦᠭᠡᠢ ᠂ ᠤᠯᠠᠨ ᠲᠦᠮᠨᠨ ᠤ ᠦᠨᠳᠤᠰᠤᠨ ᠠᠰᠢᠭ ᠲᠤᠰᠨ ᠶᠢ ᠴᠢᠷᠮᠠᠢᠨ ᠲᠤᠰᠬᠠᠭᠰᠠᠨ ᠪᠠᠢᠨ᠎ᠡ᠃