ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠵᠠᠷᠤᠤᠨ ᠬᠤᠰᠢᠭᠤᠨ ᠤ ᠠᠷᠪᠠᠨ ᠵᠢᠷᠭᠤᠳᠤᠭᠠᠷ᠁
ᠵᠠᠷᠤᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠶᠢᠰᠤᠳᠤᠭᠡᠷ ᠤᠳᠠᠭᠠᠨ ᠤ ᠬᠤᠷᠠᠯ ᠬᠤᠷᠠᠯᠳᠤᠪᠠ

      12 ᠰᠠᠷ᠎ᠠ ᠶᠢᠨ 21᠋ ᠤ ᠡᠳᠤᠷ᠂ ᠵᠠᠷᠤᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠶᠢᠰᠤᠳᠤᠭᠡᠷ ᠤᠳᠠᠭᠠᠨ ᠤ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ᠂ ᠲᠠᠳ᠋ ᠡᠷᠬᠢᠯᠡᠭᠴᠢ ᠪᠦ᠍ ᠮᠤᠤ ᠰᠢᠶᠠᠩ᠂ ᠦᠷᠡᠪᠠᠳᠤ᠂ ᠰᠦᠩ ᠯᠢᠶᠠᠨ ᠡᠾᠦ᠋ᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠵᠢᠴᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠦᠷᠢᠯᠳᠤᠬᠦᠨ ᠭᠡᠰᠢᠬᠦᠤᠨ ᠬᠤᠷᠠᠯ ᠳᠤ ᠤᠷᠤᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠢᠩᠭᠤ ᠶᠢᠨ ᠭᠡᠰᠢᠬᠦᠨ᠂ ᠬᠤᠰᠢᠭᠤᠨ ᠲᠠᠳ᠋ ᠲᠠᠷᠤᠭ᠎ᠠ ᠰᠢᠶᠤᠤ ᠴᠢᠶᠠᠩ᠂《ᠨᠢᠭᠡ ᠵᠦᠪᠯᠡᠯ ᠬᠤᠶᠠᠷ ᠬᠤᠷᠢᠶ᠎᠎ᠠ 》᠋ ᠶᠢᠨ ᠭᠤᠤᠯ ᠬᠠᠷᠢᠭᠤᠴᠠᠯᠭᠠᠳᠠᠨ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠵᠢᠴᠢ ᠭᠡᠰᠡᠭ ᠠᠷᠠᠳ ᠤᠨ ᠲᠦᠯᠤᠭᠡᠯᠡᠭᠴᠢᠳ ᠬᠤᠷᠠᠯ ᠳᠤ ᠰᠤᠯᠨ ᠤᠷᠤᠯᠴᠠᠵᠤ᠂ ᠪᠠᠶᠠᠨᠰᠠᠩ ᠬᠤᠷᠠᠯ ᠡᠷᠬᠢᠯᠡᠪᠡ᠃

      


      

      ᠬᠤᠷᠠᠯ ᠲᠠᠭᠡᠷ᠎᠎ᠠ᠂《ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2018 ᠤᠨ ᠤ ᠬᠤᠰᠢᠭᠤᠨ ᠱᠠᠳᠤᠨ ᠤ ᠡᠳ᠋ ᠤᠨ ᠵᠠᠰᠠᠭ ᠤᠨ ᠲᠤᠬᠢᠷᠠᠭᠤᠯᠬᠤ ᠲᠦᠰᠤᠪ(ᠲᠦᠰᠤᠯ)᠋ ᠤᠨ ᠲᠤᠬᠠᠢ ᠮᠡᠳᠡᠬᠦᠯᠤᠯᠳᠠ》ᠵᠢᠴᠢ《ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ <ᠲᠤᠯᠤᠭ᠎ᠠ ᠲᠠᠪᠤ> ᠬᠠᠤᠯᠢ ᠲᠦᠭᠡᠮᠡᠯᠵᠢᠬᠦᠯᠤᠯᠳᠠ ᠶᠢ ᠭᠡᠷᠡᠭᠵᠢᠬᠦᠯᠦᠭᠰᠨᠨ ᠪᠠᠢᠳᠠᠯ ᠤᠨ ᠲᠤᠬᠠᠢ ᠲᠤᠮᠳᠠᠬᠢ ᠬᠤᠭᠤᠴᠠᠭᠠᠨ ᠤ ᠠᠵᠢᠯ ᠤᠨ ᠮᠡᠳᠡᠬᠦᠯᠤᠯᠳᠠ》᠋ ᠶᠢ ᠰᠤᠨᠤᠰᠤᠨ ᠵᠦᠪᠯᠡᠪᠡ᠃ ᠬᠤᠰᠢᠭᠤᠨ ᠤ ᠰᠤᠷᠭᠠᠨ ᠬᠦᠮᠤᠵᠢᠯ ᠪᠠᠶ᠎ᠠ ᠲᠠᠮᠢᠷ ᠤᠨ ᠲᠤᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ᠂ ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ᠂ ᠬᠤᠰᠢᠭᠤᠨ ᠤ ᠶᠠᠳᠠᠭᠤ ᠶᠢ ᠲᠠᠳᠬᠦᠬᠦ ᠠᠯᠪᠠᠨ ᠭᠡᠷ ᠤᠨ ᠬᠠᠷᠢᠭᠤᠴᠠᠯᠭᠠᠳᠠᠨ ᠤ ᠬᠢᠭ᠍ᠰᠡᠨ ᠲᠤᠰᠢᠶᠠᠯ ᠤᠨ ᠲᠤᠭᠠᠴᠢᠯᠳᠠ ᠶᠢᠨ ᠮᠡᠳᠡᠬᠦᠯᠤᠯᠳᠠ ᠶᠢ ᠰᠤᠨᠤᠰᠬᠤ ᠶᠢᠨ ᠬᠠᠮᠳᠤ᠂ ᠬᠠᠨᠤᠮᠵᠢ ᠶᠢᠨ ᠭᠡᠮᠵᠢᠶ᠎ᠠ ᠶᠢᠨ ᠦᠨᠡᠯᠡᠯᠳᠠ ᠬᠢᠭ᠍ᠰᠡᠨ ᠪᠠᠢᠨ᠎ᠡ᠃

      


      


      


      


      
          ᠪᠠᠶᠠᠨᠰᠠᠩ ᠴᠢᠩᠭᠠᠳᠬᠠᠭᠰᠨᠨ ᠨᠢ᠂ ᠲᠦᠯᠤᠭᠡᠯᠡᠭᠴᠢ ᠶᠢᠨ ᠲᠤᠰᠢᠶᠠᠯ ᠤᠨ ᠲᠤᠭᠠᠴᠢᠯᠳᠠ ᠦᠷᠨᠢᠬᠦᠯᠬᠦ ᠪᠤᠯ ᠲᠦᠯᠤᠭᠡᠯᠡᠭᠴᠢᠳ ᠤᠨ ᠤᠢᠯᠡᠳᠤᠯ ᠢ ᠪᠠᠳᠠᠷᠠᠭᠤᠯᠬᠤ ᠪᠠ ᠬᠢᠨᠠᠯᠳᠠ ᠬᠦᠯᠢᠶᠡᠬᠦ ᠶᠢ ᠤᠷᠭᠠᠨᠢᠭ ᠶᠢᠠᠷ ᠤᠶᠠᠯᠳᠤᠭᠤᠯᠵᠤ᠂ ᠲᠦᠯᠤᠭᠡᠯᠡᠭᠴᠢ ᠶᠢᠨ ᠬᠠᠮᠢᠶᠠᠷᠤᠯᠳᠠ ᠶᠢ ᠴᠢᠩᠭᠠᠳᠬᠠᠬᠤ ᠶᠢᠨ ᠪᠤᠳᠠᠳᠠᠢ ᠢᠯᠡᠷᠡᠯ ᠪᠤᠯᠤᠨ᠎ᠡ᠃ ᠬᠦᠰᠡᠭᠰᠨᠨ ᠨᠢ᠂ ᠲᠦᠯᠤᠭᠡᠯᠡᠭᠴᠢᠳ ᠰᠤᠩᠭᠤᠭᠤᠯᠢ ᠶᠢᠨ ᠠᠷᠠᠳ ᠤᠨ ᠰᠠᠨᠠᠯ ᠰᠠᠨᠠᠭᠤᠯᠭ᠎ᠠ ᠶᠢ ᠰᠤᠨᠤᠰᠬᠤ ᠦᠵᠡᠯ ᠤᠬᠠᠮᠰᠠᠷ ᠶᠢᠠᠨ ᠤᠯᠠᠮ ᠨᠢᠭᠡ ᠠᠯᠬᠤᠮ ᠴᠢᠩᠭᠠᠳᠬᠠᠵᠤ᠂ ᠤᠬᠠᠮᠰᠠᠷ ᠡᠴᠨ ᠪᠠᠨ ᠰᠤᠩᠭᠤᠭᠤᠯᠢ ᠶᠢᠨ ᠠᠷᠠᠳ ᠤᠨ ᠬᠢᠨᠠᠯᠳᠠ ᠶᠢ ᠬᠦᠯᠢᠶᠠᠨ᠂ᠰᠤᠩᠭᠤᠭᠤᠯᠢ ᠶᠢᠨ ᠠᠷᠠᠳ ᠲᠠᠢ ᠨᠢᠭᠳᠠ ᠬᠠᠷᠢᠯᠴᠠᠵᠤ᠂ ᠲᠤᠰᠶᠠᠯ ᠶᠢᠠᠨ ᠬᠦᠢᠴᠡᠳᠭᠡᠬᠦ ᠢᠳᠡᠪᠬᠢ ᠴᠢᠨᠠᠷ ᠪᠤᠯᠤᠨ ᠬᠦᠳᠡᠯᠤᠩᠬᠦᠢ ᠴᠢᠨᠠᠷ ᠶᠢᠠᠨ ᠨᠡᠮᠡᠭᠳᠡᠬᠦᠯᠤᠨ᠂ ᠲᠦᠯᠤᠭᠡᠯᠡᠭᠴᠢ ᠶᠢᠨ ᠤᠢᠯᠡᠳᠤᠯ ᠶᠢᠠᠨ ᠬᠦᠢᠴᠡᠳ ᠪᠠᠳᠠᠷᠠᠭᠤᠯᠵᠤ᠂ ᠮᠠᠨ ᠤ ᠬᠤᠰᠢᠭᠤᠨ ᠤ ᠠᠵᠤ ᠠᠬᠤᠢ ᠶᠢᠨ ᠪᠦᠳᠤᠭᠡᠨ ᠪᠠᠢᠭᠤᠯᠤᠯᠳᠠ ᠪᠤᠯᠤᠨ ᠡᠯ᠎ᠠ ᠲᠦᠷᠤᠯ ᠤᠨ ᠨᠡᠢᠭᠡᠮ ᠤᠨ ᠠᠵᠢᠯ ᠤᠢᠯᠡᠰ ᠤᠨ ᠪᠦᠬᠦ ᠲᠠᠯ᠎ᠠ ᠪᠡᠷ ᠡᠷᠡᠬᠦᠯ ᠶᠢᠠᠷ ᠬᠦᠭᠵᠢᠬᠦ ᠳᠤ ᠮᠡᠷᠭᠡᠨ ᠠᠷᠭ᠎ᠠ ᠪᠤᠳᠤᠯᠭ᠎ᠠ ᠲᠠᠪᠰᠢᠬᠦᠯᠬᠦ ᠭᠡᠷᠡᠭᠳᠡᠢ᠃ ᠬᠤᠵᠢᠮ ᠤᠨ ᠠᠵᠢᠯ ᠤᠨ ᠲᠤᠮᠳᠠ ᠪᠠᠨ᠂ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠲᠦᠯᠤᠭᠡᠯᠡᠭᠴᠢ ᠶᠢᠨ ᠲᠤᠰᠢᠶᠠᠯ ᠤᠨ ᠲᠤᠭᠠᠴᠢᠯᠳᠠ ᠶᠢᠨ ᠲᠦᠷᠢᠮ ᠢ ᠲᠠᠰᠤᠷᠠᠯᠳᠠ ᠦᠭᠡᠢ ᠲᠠᠬᠦᠯᠳᠡᠷᠵᠢᠬᠦᠯᠬᠦ ᠶᠢ ᠪᠠᠷᠢᠮᠳᠠᠯᠠᠵᠤ᠂ ᠲᠦᠯᠤᠭᠡᠯᠡᠭᠴᠢ ᠶᠢᠨ ᠬᠠᠤᠯᠢ ᠶᠤᠰᠤᠭᠠᠷ ᠨᠠᠷᠢᠨ ᠬᠢᠨᠠᠮᠠᠭᠠᠢ ᠲᠤᠰᠢᠶᠠᠯ ᠶᠢᠠᠨ ᠬᠦᠢᠴᠡᠳᠭᠡᠬᠦ ᠶᠢ ᠬᠦᠭᠵᠢᠬᠦᠯᠤᠨ᠂ ᠲᠦᠯᠤᠭᠡᠯᠡᠭᠴᠢᠳ ᠤᠨ ᠬᠠᠷᠢᠭᠤᠴᠠᠯᠭᠠᠳᠤ ᠰᠡᠳᠬᠢᠯᠭᠡ ᠶᠢ ᠨᠡᠮᠡᠭᠳᠡᠬᠦᠯᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠠᠵᠢᠯ ᠪᠤᠯᠤᠨ ᠲᠦᠯᠤᠭᠡᠯᠡᠭᠴᠢ ᠶᠢᠨ ᠠᠵᠢᠯ ᠤᠨ ᠬᠦᠨᠵᠡᠭᠡᠢ ᠬᠦᠭᠵᠢᠯᠳᠠ ᠶᠢ ᠲᠦᠯᠬᠢᠨ ᠠᠬᠢᠭᠤᠯᠬᠤ ᠭᠡᠷᠡᠭᠳᠡᠢ ᠭᠡᠵᠡᠢ᠃
         ᠬᠤᠷᠠᠯ ᠳᠤ ᠤᠷᠤᠯᠴᠠᠭᠰᠠᠳ ᠡᠯ᠎ᠠ ᠲᠦᠷᠤᠯ ᠤᠨ ᠮᠡᠳᠡᠬᠦᠯᠤᠯᠳᠠ ᠶᠢᠨ ᠲᠤᠭᠤᠷᠢᠨ ᠳᠤ ᠬᠠᠯᠠᠭᠤᠨ ᠶᠠᠷᠢᠯᠴᠠᠭ᠎ᠠ ᠦᠷᠨᠢᠬᠦᠯᠬᠦ ᠶᠢᠨ ᠬᠠᠮᠳᠤ ᠰᠠᠨᠠᠯ ᠰᠠᠨᠠᠭᠤᠯᠭ᠎ᠠ ᠲᠤᠷᠠᠳᠤᠭᠰᠨᠨ ᠪᠠᠢᠨ᠎ᠡ᠃


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠴᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢᠳ ᠰᠤᠩᠭᠤᠭᠤᠯᠢ ᠶᠢᠨ ᠠᠷᠠᠳ ᠲᠤ ᠲᠤᠰᠢᠶᠠᠯ ᠤᠨ ᠲᠤᠭᠠᠴᠢᠯᠳᠠ ᠬᠢᠬᠦ ᠬᠦᠳᠡᠯᠭᠡᠭᠡᠨ ᠢ ᠢᠳᠡᠪᠬᠢᠳᠠᠢ ᠦᠷᠨᠢᠬᠦᠯᠦᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠴᠨ ᠰᠤᠮᠤ ᠪᠠᠯᠭᠠᠰᠤ (ᠵᠡᠭᠡᠯᠢ ᠭᠤᠳᠤᠮᠵᠢ) ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢ ᠶᠢᠨ ᠪᠦᠯᠬᠦᠮ ᠤᠨ ᠠᠵᠢᠯ ᠳᠤ ᠬᠢᠨᠠᠨ ᠰᠢᠯᠭᠠᠯᠳᠠ ᠶᠠᠪᠤᠭᠤᠯᠤᠭᠰᠨᠨ