ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠡᠴᠨ 2019 ᠤᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠤ ᠠᠷᠢᠭᠤᠨ ᠴᠢᠭᠡᠴᠢ ᠪᠡᠷ ᠪᠠᠶ᠎ᠠ ᠪᠠᠨ ᠪᠠᠷᠢᠬᠤ ᠠᠵᠢᠯ ᠤᠨ ᠬᠤᠷᠠᠯ ᠬᠤᠷᠠᠯᠳᠤᠭᠤᠯᠤᠭᠰᠨᠨ ᠨᠢ

      ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭ᠎ᠠ ᠬᠦᠷᠴᠤ ᠢᠷᠡᠬᠦ ᠳᠤ᠂ ᠲᠦᠪ ᠬᠤᠷᠢᠶᠠᠨ ᠤ ᠨᠠᠢ᠍ᠮᠨᠨ ᠲᠤᠭᠳᠠᠭᠠᠯ ᠵᠢᠴᠢ ᠭᠡᠷᠡᠭᠵᠢᠬᠦᠯᠬᠦ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂ᠲᠦᠷᠪᠠᠨ ᠰᠤᠷᠳᠠᠯ ᠢ ᠵᠠᠯᠠᠷᠠᠭᠤᠯᠬᠤ ᠶᠢ ᠤᠷᠳᠤ ᠬᠤᠭᠤᠴᠠᠭ᠎ᠠ ᠪᠡᠷ ᠪᠠᠷᠢᠮᠳᠠᠯᠨᠨ᠂ ᠤᠪᠤᠷ ᠰᠤᠷᠳᠠᠯ ᠤᠨ ᠪᠦᠳᠤᠭᠡᠨ ᠪᠠᠢᠭᠤᠯᠤᠯᠳᠠ ᠶᠢᠨ ᠰᠢᠨ᠎ᠡ ᠦᠷ᠎ᠠ ᠪᠦᠳᠤᠮᠵᠢ ᠤᠯᠬᠤ ᠶᠢ ᠲᠦᠯᠬᠢᠨ ᠠᠬᠢᠭᠤᠯᠬᠤ ᠶᠢᠨ ᠲᠦᠯᠤᠭᠡ᠂ 12 ᠰᠠᠷ᠎ᠠ ᠶᠢᠨ 28᠋ ᠤ ᠡᠳᠤᠷ ᠤᠨ ᠦᠳᠡ ᠶᠢᠨ ᠬᠤᠢᠨ᠎ᠡ᠂ ᠪᠠᠢᠭᠤᠯᠭ᠎ᠠ ᠶᠢᠨ ᠨᠠᠮ ᠤᠨ ᠡᠬᠦᠷ ᠡᠴᠨ ᠵᠤᠬᠢᠶᠠᠨ ᠪᠠᠢᠭᠤᠯᠵᠤ ᠠᠷᠢᠭᠤᠨ ᠴᠢᠭᠡᠴᠢ ᠪᠡᠷ ᠪᠠᠶ᠎ᠠ ᠪᠠᠨ ᠪᠠᠷᠢᠬᠤ ᠠᠵᠢᠯ ᠤᠨ ᠬᠤᠷᠠᠯ ᠬᠤᠷᠠᠯᠳᠤᠭᠤᠯᠵᠤ᠂ ᠰᠢᠨ᠎ᠡ ᠵᠢᠯ ᠴᠠᠭᠠᠨ ᠰᠠᠷ᠎ᠠ ᠡᠴᠨ ᠡᠮᠤᠨᠡᠬᠢ ᠠᠷᠢᠭᠤᠨ ᠴᠢᠭᠡᠴᠢ ᠪᠡᠷ ᠵᠠᠰᠠᠭ ᠪᠠᠷᠢᠬᠤ ᠰᠤᠷᠭᠠᠨ ᠬᠦᠮᠤᠵᠢᠯ ᠦᠷᠨᠢᠬᠦᠯᠵᠤ᠂ ᠠᠷᠢᠭᠤᠨ ᠴᠢᠭᠡᠴᠢ ᠶᠢᠨ ᠠᠩᠬᠠᠷᠤᠭᠤᠯᠬᠤ ᠲᠤᠬᠢᠶ᠎ᠠ ᠶᠢ ᠤᠷᠢᠳᠴᠢᠯᠨᠨ ᠰᠡᠷᠡᠮᠵᠢᠬᠦᠯᠪᠠ᠃ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠯᠢ ᠴᠸᠩ ᠬᠦᠸᠸ ᠬᠤᠷᠠᠯ ᠡᠷᠬᠢᠯᠡᠵᠤ᠂ ᠪᠠᠢᠭᠤᠯᠭ᠎ᠠ ᠶᠢᠨ ᠪᠦᠬᠦ ᠨᠠᠮ ᠤᠨ ᠭᠡᠰᠢᠬᠦᠨ ᠬᠤᠷᠠᠯ ᠳᠤ ᠤᠷᠤᠯᠴᠠᠪᠠ᠃

      


      


      
          ᠬᠤᠷᠠᠯ ᠲᠠᠭᠡᠷ᠎ᠠ᠂ ᠯᠢ ᠴᠸᠩ ᠬᠦᠸᠸ ᠡᠴᠨ《ᠵᠠᠷᠤᠤᠨ ᠬᠤᠰᠢᠭᠤᠨ ᠤ ᠰᠠᠬᠢᠯᠭ᠎ᠠ ᠪᠠᠳᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠬᠤᠷᠢᠶ᠎ᠠ ᠶᠢᠨ ᠰᠠᠬᠢᠯᠭ᠎ᠠ ᠪᠠᠳᠤ ᠶᠢ ᠤᠯᠠᠮ ᠨᠢᠭᠡ ᠠᠯᠬᠤᠮ ᠴᠢᠩᠭ᠍᠎ᠠ ᠲᠤᠳᠤᠷᠬᠠᠢ ᠪᠤᠯᠭᠠᠵᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠤ ᠠᠷᠢᠭᠤᠨ ᠴᠢᠭᠡᠴᠢ ᠪᠡᠷ ᠪᠠᠶ᠎ᠠ ᠪᠠᠨ ᠪᠠᠷᠢᠬᠤ ᠠᠵᠢᠯ ᠤᠨ ᠲᠤᠬᠠᠢ ᠮᠡᠳᠡᠭᠳᠡᠯ》᠋ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠤᠯᠪᠠ᠃
         ᠯᠢ ᠴᠸᠩ ᠬᠦᠸᠸ ᠡᠴᠨ ᠱᠠᠭᠠᠷᠳᠠᠭᠰᠨᠨ ᠨᠢ᠂ ᠤᠳᠤᠷᠢᠳᠤᠯᠭ᠎ᠠ ᠺᠠᠳ᠋ᠷ ᠦᠪᠡᠷ ᠤᠨ ᠪᠠᠶ᠎ᠠ ᠪᠡᠷ ᠶᠢᠠᠨ ᠲᠠᠭᠤᠷᠢᠶᠠᠯ ᠪᠤᠯᠵᠤ᠂ ᠡᠬᠦᠷᠭᠡ ᠬᠠᠷᠢᠭᠤᠴᠠᠯᠭ᠎ᠠ ᠪᠠᠨ ᠴᠢᠩᠭᠠᠷᠠᠭᠤᠯᠤᠨ᠂ ᠨᠠᠮ ᠤᠨ ᠭᠡᠰᠢᠬᠦᠨ ᠺᠠᠳ᠋ᠷ ᠠᠷᠢᠭᠤᠨ ᠴᠢᠭᠡᠴᠢ ᠦᠵᠡᠯ ᠤᠠᠬᠮᠰᠠᠷ ᠶᠢᠠᠨ ᠲᠠᠰᠤᠷᠠᠯᠳᠠ ᠦᠭᠡᠢ ᠲᠠᠭᠡᠭᠰᠢᠯᠡᠬᠦᠯᠵᠤ᠂ ᠤᠬᠠᠮᠰᠠᠷ ᠡᠴᠨ ᠪᠠᠨ ᠤᠯᠨᠨ ᠲᠦᠮᠨᠨ ᠤ ᠬᠢᠨᠠᠯᠳᠠ ᠶᠢ ᠬᠦᠯᠢᠶᠡᠬᠦ ᠭᠡᠷᠡᠭᠳᠡᠢ᠃ ᠪᠦᠬᠦ ᠨᠠᠮ ᠤᠨ ᠭᠡᠰᠢᠬᠦᠨ ᠬᠤᠯᠪᠤᠭᠳᠠᠯ ᠪᠦᠬᠦᠢ ᠨᠠᠮ ᠤᠨ ᠰᠤᠷᠳᠠᠯ ᠪᠠ ᠠᠷᠢᠭᠤᠨ ᠴᠢᠬᠢᠴᠢ ᠪᠡᠷ ᠵᠠᠰᠠᠭ ᠪᠠᠷᠢᠬᠤ ᠪᠦᠳᠤᠭᠡᠨ ᠪᠠᠢᠭᠤᠯᠤᠯᠳᠠ ᠶᠢᠨ ᠠᠵᠢᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠬᠠᠷᠢᠭᠤᠴᠠᠯᠭ᠎ᠠ ᠪᠠᠨ ᠨᠠᠢᠳᠠᠪᠤᠷᠢᠵᠢᠭᠤᠯᠬᠤ ᠶᠢ ᠴᠢᠩᠭᠠᠷᠠᠭᠤᠯᠤᠨ᠂ ᠦᠵᠡᠯ ᠰᠠᠨᠠᠭᠠᠨ ᠤ ᠬᠠᠮᠠᠭᠠᠯᠠᠯᠳᠠ ᠶᠢᠨ ᠱᠤᠭᠤᠮ ᠶᠢᠠᠨ ᠪᠠᠬᠢᠵᠢᠬᠦᠯᠬᠦ ᠭᠡᠷᠡᠭᠳᠡᠢ ᠭᠡᠵᠡᠢ᠃


ᠡᠮᠦᠨᠡᠬᠢ᠄ ᠪᠠᠢ᠌ᠬᠤ ᠦᠭᠡᠢ᠃
ᠳᠠᠷᠠᠭᠠᠬᠢ᠄ ᠨᠠᠮ ᠤᠨ ᠬᠤᠷᠢᠶ᠎ᠠ ᠶᠢᠨ ᠲᠠᠪᠤᠳᠤᠭᠠᠷ ᠲᠤᠭᠤᠷᠢᠨ ᠪᠠᠢᠴᠠᠭᠠᠬᠤ ᠲᠤᠭᠤᠢᠯᠠᠩ ᠤᠨ ᠲᠤᠭᠤᠷᠢᠨ ᠪᠠᠢᠴᠠᠭᠠᠭᠰᠨᠨ ᠬᠠᠷᠢᠭᠤ ᠲᠤᠰᠬᠠᠯᠳᠠ ᠶᠢᠨ ᠰᠠᠨᠠᠯ ᠢ ᠴᠡᠭᠴᠡᠯᠨᠨ ᠦᠭᠡᠷᠡᠴᠢᠯᠡᠬᠦ ᠠᠵᠢᠯ ᠤᠨ ᠲᠠᠢᠴᠢᠯᠠᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠨᠠᠢᠳᠠᠪᠤᠷᠢᠵᠢᠭᠤᠯᠬᠤ ᠶᠢ ᠤᠯᠠᠮᠵᠢᠯᠠᠨ ᠲᠤᠭᠤᠰᠢᠯᠠᠭᠤᠯᠤᠭᠰᠨᠨ ᠨᠢ