ᠨᠠᠮ ᠤᠨ ᠬᠤᠷᠢᠶ᠎ᠠ ᠶᠢᠨ ᠲᠠᠪᠤᠳᠤᠭᠠᠷ ᠲᠤᠭᠤᠷᠢᠨ ᠪᠠᠢᠴᠠᠭᠠᠬᠤ ᠲᠤᠭᠤᠢᠯᠠᠩ ᠤᠨ ᠲᠤᠭᠤᠷᠢᠨ ᠪᠠᠢᠴᠠᠭᠠᠭᠰᠨᠨ ᠬᠠᠷᠢᠭᠤ ᠲᠤᠰᠬᠠᠯᠳᠠ ᠶᠢᠨ ᠰᠠᠨᠠᠯ ᠢ ᠴᠡᠭᠴᠡᠯᠨᠨ ᠦᠭᠡᠷᠡᠴᠢᠯᠡᠬᠦ ᠠᠵᠢᠯ ᠤᠨ ᠲᠠᠢᠴᠢᠯᠠᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠨᠠᠢᠳᠠᠪᠤᠷᠢᠵᠢᠭᠤᠯᠬᠤ ᠶᠢ ᠤᠯᠠᠮᠵᠢᠯᠠᠨ ᠲᠤᠭᠤᠰᠢᠯᠠᠭᠤᠯᠤᠭᠰᠨᠨ ᠨᠢ
12 ᠰᠠᠷ᠎ᠠ ᠶᠢᠨ 28᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠪᠠᠢᠭᠤᠯᠭ᠎ᠠ ᠲᠤᠰᠬᠠᠢ ᠰᠡᠳᠤᠪᠳᠤ ᠬᠤᠷᠠᠯ ᠬᠤᠷᠠᠯᠳᠤᠵᠤ᠂ ᠪᠦᠬᠦ ᠬᠤᠰᠢᠭᠤᠨ ᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠲᠤᠭᠤᠷᠢᠨ ᠪᠠᠢᠴᠠᠭᠠᠬᠤ ᠲᠤᠭᠤᠢᠯᠠᠩ ᠤᠨ ᠲᠤᠭᠤᠷᠢᠨ ᠪᠠᠢᠴᠠᠭᠠᠭᠰᠨᠨ ᠬᠠᠷᠢᠭᠤ ᠲᠤᠰᠬᠠᠯᠳᠠ ᠶᠢᠨ ᠰᠠᠨᠠᠯ ᠢ ᠴᠡᠭᠴᠡᠯᠨᠨ ᠦᠭᠡᠷᠡᠴᠢᠯᠡᠬᠦ ᠠᠵᠢᠯ ᠤᠨ ᠲᠠᠢᠴᠢᠯᠠᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠨᠠᠢᠳᠠᠪᠤᠷᠢᠵᠢᠭᠤᠯᠬᠤ ᠶᠢ ᠤᠯᠠᠮᠵᠢᠯᠨᠨ ᠲᠤᠭᠤᠰᠢᠯᠠᠭᠤᠯᠪᠠ᠃ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠯᠢ ᠴᠸᠩ ᠬᠦᠸᠸ ᠬᠤᠷᠠᠯ ᠡᠷᠬᠢᠯᠡᠵᠤ᠂ ᠪᠠᠢᠭᠤᠯᠭ᠎ᠠ ᠶᠢᠨ ᠪᠦᠬᠦ ᠨᠠᠮ ᠤᠨ ᠭᠡᠰᠢᠬᠦᠨ ᠺᠠᠳ᠋ᠷ ᠬᠤᠷᠠᠯ ᠳᠤ ᠤᠷᠤᠯᠴᠠᠪᠠ᠃
ᠬᠤᠷᠠᠯ ᠲᠠᠭᠡᠷ᠎ᠠ᠂ ᠯᠢ ᠴᠸᠩ ᠬᠦᠸᠸ ᠡᠴᠨ ᠲᠤᠭᠤᠷᠢᠨ ᠪᠠᠢᠴᠠᠭᠠᠭᠰᠨᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠪᠠᠢᠭᠤᠯᠭ᠎ᠠ ᠶᠢᠨ ᠲᠤᠭᠤᠷᠢᠨ ᠪᠠᠢᠴᠠᠭᠠᠭᠰᠨᠨ ᠬᠠᠷᠢᠭᠤ ᠲᠤᠰᠬᠠᠯᠳᠠ ᠶᠢᠨ ᠠᠵᠢᠯ ᠲᠤᠮᠳᠠᠬᠢ ᠠᠰᠠᠭᠤᠳᠠᠯ ᠳᠤ ᠬᠦᠨᠵᠡᠭᠡᠢ ᠵᠠᠳᠠᠯᠤᠯᠳᠠ ᠬᠢᠪᠡ᠃



ᠬᠤᠷᠠᠯ ᠲᠠᠭᠡᠷ᠎ᠠ᠂ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠪᠠᠢᠭᠤᠯᠭ᠎ᠠ ᠶᠢᠨ ᠨᠠᠮ ᠤᠨ ᠭᠡᠰᠢᠬᠦᠨ ᠺᠠᠳ᠋ᠷ ᠠᠵᠢᠯᠳᠠᠨ ᠡᠴᠨ ᠪᠠᠢ ᠯᠢ ᠵᠤ ᠱᠦᠵᠢ ᠶᠢᠨ ᠲᠤᠭᠤᠷᠢᠨ ᠪᠠᠢᠴᠠᠭᠠᠭᠰᠨᠨ ᠴᠡᠭᠴᠡᠯᠨᠨ ᠦᠭᠡᠷᠡᠴᠢᠯᠡᠬᠦ ᠲᠠᠢᠴᠢᠯᠠᠯᠳᠠ ᠶᠢᠨ ᠬᠤᠷᠠᠯ ᠲᠠᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠤᠢᠯᠠᠭᠠᠪᠠ᠃
ᠬᠠᠷᠢᠭᠤ ᠲᠤᠰᠬᠠᠯᠳᠠ ᠶᠢᠨ ᠬᠤᠷᠠᠯ ᠲᠠᠭᠤᠰᠤᠭᠰᠨᠨ ᠤ ᠲᠠᠷᠠᠭ᠎ᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠪᠠᠢᠭᠤᠯᠭ᠎ᠠ ᠡᠴᠨ ᠲᠠᠷᠠᠭᠠᠴᠢ ᠪᠡᠷ ᠪᠠᠢ ᠯᠢ ᠵᠤ ᠱᠦᠵᠢ ᠶᠢᠨ ᠶᠠᠷᠢᠶᠠᠨ ᠤ ᠵᠤᠷᠢᠭ ᠰᠠᠨᠠᠭᠠᠨ ᠤ ᠱᠠᠭᠠᠷᠳᠠᠯᠭ᠎ᠠ ᠶᠤᠰᠤᠭᠠᠷ᠂ ᠲᠠᠷᠤᠢ ᠳᠤᠨᠢ ᠲᠠᠢᠴᠢᠯᠠᠯᠳᠠ ᠶᠢᠨ ᠬᠤᠷᠠᠯ ᠬᠤᠷᠠᠯᠳᠤᠨ᠂ ᠲᠤᠭᠤᠷᠢᠨ ᠪᠠᠢᠴᠠᠭᠠᠬᠤ ᠲᠤᠭᠤᠢᠯᠠᠩ ᠤᠨ ᠬᠠᠷᠢᠭᠤ ᠲᠤᠰᠬᠠᠯᠳᠠ ᠶᠢᠨ ᠰᠠᠨᠠᠯ ᠤᠨ ᠴᠡᠭᠴᠡᠯᠨᠨ ᠦᠭᠡᠷᠡᠴᠢᠯᠡᠬᠦ ᠠᠵᠢᠯ ᠢ ᠲᠤᠰᠬᠠᠢ ᠰᠡᠳᠤᠪ ᠶᠢᠠᠷ ᠰᠤᠳᠤᠯᠤᠨ ᠨᠠᠢᠳᠠᠪᠤᠷᠢᠵᠢᠭᠤᠯᠵᠤ᠂ ᠴᠡᠭᠴᠡᠯᠨᠨ ᠦᠭᠡᠷᠡᠴᠢᠯᠡᠬᠦ ᠠᠵᠢᠯ ᠢ ᠰᠠᠢᠳᠤᠷ ᠨᠠᠢᠳᠠᠪᠤᠷᠢᠵᠢᠭᠤᠯᠬᠤ ᠶᠢ ᠪᠠᠷᠢᠮᠳᠠᠯᠠᠨ᠎ᠡ ᠭᠡᠵᠡᠢ᠃