ᠪᠠᠶᠠᠨᠰᠠᠩ ᠡᠴᠨ ᠲᠦᠩᠯᠢᠶᠤᠤ ᠬᠤᠳᠠ ᠶᠢᠨ ᠵᠢᠨ ᠡᠾᠸ ᠬᠤᠤᠰ ᠲᠠᠮᠦᠷᠯᠢᠭ᠌ ᠤᠨ ᠤᠳᠠᠰᠤᠯᠢᠭ ᠮᠠᠲ᠋ᠸᠷᠢᠶᠠᠯ ᠤᠨ ᠬᠢᠵᠠᠭᠠᠷᠳᠤ ᠺᠤᠮᠫᠠᠨᠢ ᠶᠢᠨ ᠨᠠᠮ ᠤᠨ ᠪᠠᠢᠭᠤᠯᠤᠯᠳᠠ ᠶᠢᠨ ᠠᠵᠢᠯ ᠳᠤ ᠪᠠᠢᠴᠠᠭᠠᠨ ᠵᠢᠯᠤᠭᠤᠳᠤᠯᠭ᠎ᠠ ᠬᠢᠭ᠍ᠰᠡᠡ ᠨᠢ
ᠰᠢᠨ᠎ᠡ ᠮᠠᠶᠢᠭ ᠤᠨ ᠵᠠᠰᠠᠭ ᠬᠤᠳᠠᠯᠳᠤᠭ᠎ᠠ ᠶᠢᠨ ᠬᠠᠷᠢᠴᠠᠭ᠎ᠠ ᠶᠢ ᠪᠠᠢᠭᠤᠯᠵᠤ᠂ ᠮᠠᠨ ᠤ ᠬᠤᠰᠢᠭᠤᠨ ᠤ ᠨᠡᠢᠳᠠ ᠶᠢᠨ ᠪᠤᠰᠤ ᠠᠵᠤ ᠠᠬᠤᠢᠯᠠᠯ ᠪᠤᠯᠤᠨ ᠨᠡᠢᠭᠡᠮ ᠤᠨ ᠵᠤᠬᠢᠶᠠᠨ ᠪᠠᠢᠭᠤᠯᠤᠯᠳᠠ ᠶᠢᠨ《 ᠬᠤᠶᠠᠷ ᠢ ᠪᠦᠷᠬᠦᠬᠦᠯᠬᠦ》 ᠲᠤᠰᠬᠠᠢ ᠲᠦᠷᠤᠯ ᠤᠨ ᠬᠦᠳᠡᠯᠭᠡᠭᠡᠨ ᠢ ᠬᠦᠴᠤᠳᠠᠢ ᠦᠷᠨᠢᠬᠦᠯᠬᠦ ᠶᠢᠨ ᠲᠦᠯᠤᠭᠡ᠂1 ᠰᠠᠷ᠎ᠠ ᠶᠢᠨ 3᠋ ᠤ ᠡᠳᠤᠷ ᠤᠨ ᠦᠳᠡ ᠶᠢᠨ ᠡᠮᠤᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠨᠢᠭᠡ ᠪᠦᠯᠦᠭ ᠬᠦᠮᠤᠰ ᠲᠠᠢ ᠬᠠᠮᠳᠤ ᠲᠦᠩᠯᠢᠶᠤᠤ ᠬᠤᠳᠠ ᠶᠢᠨ ᠵᠢᠨ ᠡᠾᠸ ᠬᠤᠤᠰ ᠲᠠᠮᠤᠷᠯᠢᠭ᠌ ᠤᠨ ᠤᠳᠠᠰᠤᠯᠢᠭ ᠮᠠᠲ᠋ᠸᠷᠢᠶᠠᠯ ᠤᠨ ᠬᠢᠵᠠᠭᠠᠷᠳᠤ ᠺᠤᠮᠫᠠᠨᠢ ᠳᠤ ᠬᠦᠨᠵᠡᠭᠡᠢᠷᠡᠵᠤ᠂ ᠠᠵᠤ ᠠᠬᠤᠢᠯᠠᠯ ᠤᠨ ᠨᠠᠮ ᠤᠨ ᠪᠠᠢᠭᠤᠯᠤᠯᠳᠠ ᠶᠢᠨ ᠠᠵᠢᠯ ᠳᠤ ᠪᠠᠢᠴᠠᠭᠠᠨ ᠵᠢᠯᠤᠭᠤᠳᠤᠯᠭ᠎ᠠ ᠬᠢᠭ᠍ᠰᠡᠡ ᠪᠠᠢᠨ᠎ᠡ᠃




ᠪᠠᠶᠠᠨᠰᠠᠩ ᠡᠴᠨ ᠵᠢᠨ ᠡᠾᠸ ᠺᠤᠮᠫᠠᠨᠢ ᠶᠢᠨ ᠤᠢᠯᠡᠳᠪᠤᠷᠢᠯᠡᠯ ᠤᠨ ᠲᠠᠰᠤᠭ ᠪᠤᠯᠤᠨ ᠨᠠᠮ ᠤᠨ ᠬᠦᠳᠡᠯᠭᠡᠭᠡᠨ ᠤ ᠲᠠᠰᠤᠭ ᠵᠢᠴᠢ ᠨᠠᠮ ᠤᠨ ᠪᠠᠢᠭᠤᠯᠤᠯᠳᠠ᠂ ᠨᠠᠮ ᠤᠨ ᠠᠵᠢᠯ ᠤᠨ ᠤᠬᠠᠭᠤᠯᠭ᠎ᠠ ᠶᠢᠨ ᠪᠤᠯᠤᠩ ᠢ ᠨᠠᠷᠢᠨ ᠬᠢᠨᠠᠮᠠᠭᠠᠢ ᠲᠤᠭᠤᠷᠢᠨ ᠪᠠᠢᠴᠠᠭᠠᠵᠤ ᠦᠵᠡᠬᠦ ᠶᠢᠨ ᠬᠠᠮᠳᠤ᠂ ᠠᠵᠤ ᠠᠬᠤᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠤ ᠬᠢᠭ᠍ᠰᠡᠡ ᠺᠤᠮᠫᠠᠨᠢ ᠶᠢᠨ ᠬᠦᠭᠵᠢᠯᠳᠠ ᠶᠢᠨ ᠪᠠᠢᠳᠠᠯ ᠪᠤᠯᠤᠨ ᠨᠠᠮ ᠤᠨ ᠪᠠᠢᠭᠤᠯᠤᠯᠳᠠ ᠶᠢᠨ ᠠᠵᠢᠯ ᠦᠷᠨᠢᠬᠦᠯᠦᠭᠰᠨᠨ ᠪᠠᠢᠳᠠᠯ ᠤᠨ ᠮᠡᠳᠡᠬᠦᠯᠤᠯᠳᠠ ᠶᠢ ᠰᠤᠨᠤᠰᠪᠠ᠃
ᠪᠠᠶᠠᠨᠰᠠᠩ ᠵᠢᠭᠠᠵᠤ ᠭᠠᠷᠭᠠᠭᠰᠨᠨ ᠨᠢ᠂ ᠺᠤᠮᠫᠠᠨᠢ ᠶᠢᠨ ᠨᠠᠮ ᠤᠨ ᠡᠬᠦᠷ ᠦᠩᠭᠡᠷᠡᠭᠰᠡᠨ ᠤ ᠨᠢᠭᠡ ᠵᠢᠯ ᠳᠤ ᠶᠡᠭᠡ ᠭᠡᠮᠵᠢᠶᠠᠨ ᠤ ᠲᠤᠪᠤᠢᠮ᠎ᠠ ᠦᠷ᠎ᠠ ᠪᠦᠳᠤᠭᠡᠯ ᠲᠠᠢ ᠠᠵᠢᠯ ᠦᠷᠨᠢᠬᠦᠯᠦᠭᠰᠨᠨ ᠪᠤᠯᠪᠠᠴᠤ᠂ ᠬᠤᠰᠢᠭᠤᠨ ᠤ ᠨᠠᠮ ᠤᠨ ᠪᠠᠢᠭᠤᠯᠤᠯᠳᠠ ᠶᠢᠨ《 ᠵᠢᠷᠭᠤᠭ᠎ᠠ ᠪᠠᠢᠬᠤ》 ᠪᠠᠷᠢᠮᠵᠢᠶ᠎ᠠ ᠪᠤᠯᠤᠨ《 ᠬᠤᠤᠰ ᠬᠦᠴᠤᠷᠭᠡᠭ ᠵᠢᠷᠭᠤᠭᠠᠨ ᠰᠠᠢᠨ》᠋ ᠤ ᠱᠠᠭᠠᠷᠳᠠᠯᠭ᠎ᠠ ᠲᠠᠢ ᠬᠠᠷᠢᠴᠠᠭᠤᠯᠪᠠᠯ ᠪᠠᠰᠨ ᠲᠤᠭᠳᠠᠭᠰᠨᠨ ᠭᠡᠮᠵᠢᠶᠠᠨ ᠤ ᠵᠦᠷᠢᠶ᠎ᠠ ᠲᠠᠢ ᠪᠠᠢᠨ᠎ᠡ᠃ ᠪᠤᠳᠠᠳᠠᠢ ᠢᠯᠡᠷᠡᠯ ᠨᠢ ᠤᠢᠯᠡᠳᠪᠤᠷᠢᠯᠡᠯ ᠡᠵᠡᠩᠨᠡᠯᠳᠠ ᠶᠢ ᠨᠡᠩ ᠬᠦᠨᠳᠤᠳᠭᠡᠨ ᠦᠵᠡᠵᠤ ᠂ ᠨᠠᠮ ᠤᠨ ᠪᠠᠢᠭᠤᠯᠤᠯᠳᠠ ᠶᠢᠨ ᠠᠵᠢᠯ ᠪᠤᠯᠤᠨ ᠠᠵᠤ ᠠᠬᠤᠢᠯᠠᠯ ᠤᠨ ᠰᠤᠶᠤᠯ ᠢ ᠬᠠᠶᠨ ᠤᠮᠳᠤᠭᠠᠢᠯᠠᠵᠤ ᠪᠤᠢ᠃ ᠨᠠᠮ ᠤᠨ ᠪᠠᠢᠭᠤᠯᠤᠯᠳᠠ ᠶᠢᠨ ᠦᠨᠳᠤᠰᠤᠨ ᠪᠦᠳᠤᠭᠡᠨ ᠪᠠᠢᠭᠤᠯᠤᠯᠳᠠ ᠶᠢ ᠮᠦᠨᠬᠦ ᠲᠠᠭᠡᠭᠰᠢᠯᠡᠬᠦᠯᠬᠦ ᠴᠢᠬᠤᠯᠠᠳᠠᠢ᠃
ᠪᠠᠶᠠᠨᠰᠠᠩ ᠱᠠᠭᠠᠷᠳᠠᠭᠰᠨᠨ ᠨᠢ᠂ ᠺᠤᠮᠫᠠᠨᠢ ᠶᠢᠨ ᠨᠠᠮ ᠤᠨ ᠡᠬᠦᠷ ᠨᠠᠮ ᠤᠨ ᠪᠠᠢᠭᠤᠯᠤᠯᠳᠠ ᠶᠢᠨ ᠤᠢᠯᠠᠭᠠᠭᠳᠠᠬᠤᠨ ᠢ ᠪᠤᠢ ᠪᠤᠯᠭᠠᠨ᠂ ᠨᠠᠮ ᠤᠨ ᠪᠠᠢᠭᠤᠯᠤᠯᠳᠠ ᠶᠢᠨ ᠠᠵᠢᠯ ᠪᠤᠯᠤᠨ ᠠᠵᠤ ᠠᠬᠤᠢᠯᠠᠯ ᠤᠨ ᠤᠢᠯᠡᠳᠪᠤᠷᠢᠯᠡᠯ ᠤᠨ ᠡᠵᠡᠩᠨᠡᠯᠳᠠ ᠶᠢ ᠤᠷᠭᠠᠨᠢᠭ ᠶᠢᠠᠷ ᠤᠶᠠᠯᠳᠤᠭᠤᠯᠵᠤ᠂ ᠨᠠᠮ ᠤᠨ ᠵᠤᠬᠢᠶᠠᠨ ᠪᠠᠢᠭᠤᠯᠤᠯᠳᠠ ᠶᠢᠨ ᠤᠯᠤᠰ ᠲᠦᠷᠤ ᠶᠢᠨ ᠵᠢᠯᠤᠭᠤᠳᠬᠤ ᠤᠢᠯᠡᠳᠤᠯ ᠪᠤᠯᠤᠨ ᠠᠵᠢᠯᠳᠠᠠ ᠤ ᠲᠤᠮᠳᠠᠬᠢ ᠤᠯᠤᠰ ᠲᠦᠷᠤ ᠶᠢᠨ ᠭᠤᠤᠯ ᠤᠢᠯᠡᠳᠤᠯ ᠢ ᠬᠦᠢᠴᠡᠳ ᠪᠠᠳᠠᠷᠠᠭᠤᠯᠤᠨ᠂ ᠨᠠᠮ ᠤᠨ ᠵᠤᠬᠢᠶᠠᠨ ᠪᠠᠢᠭᠤᠯᠤᠯᠳᠠ ᠶᠢᠨ ᠤᠯᠤᠰ ᠲᠦᠷᠤ ᠶᠢᠨ ᠲᠠᠪᠠᠭᠤᠯᠢᠭ ᠢ ᠠᠵᠤ ᠠᠬᠤᠢᠯᠠᠯ ᠤᠨ ᠬᠦᠭᠵᠢᠯᠳᠠ ᠶᠢᠨ ᠲᠠᠪᠠᠭᠤᠯᠢᠭ ᠪᠤᠯᠭᠠᠨ ᠬᠤᠪᠢᠷᠠᠭᠠᠬᠤ ᠭᠡᠷᠡᠭᠳᠡᠢ᠃ ᠨᠠᠮ ᠤᠨ ᠪᠠᠢᠭᠤᠯᠤᠯᠳᠠ ᠶᠢᠨ ᠲᠦᠷᠢᠮᠵᠢᠯᠳᠠ ᠪᠤᠯᠤᠨ ᠪᠠᠷᠢᠮᠵᠢᠶᠠᠵᠢᠯᠳᠠ ᠶᠢᠨ ᠪᠦᠳᠤᠭᠡᠨ ᠪᠠᠢᠭᠤᠯᠤᠯᠳᠠ ᠶᠢ ᠬᠦᠴᠤᠳᠠᠢ ᠲᠦᠯᠬᠢᠨ ᠠᠬᠢᠭᠤᠯᠵᠤ᠂ ᠨᠠᠮ ᠤᠨ ᠪᠠᠢᠭᠤᠯᠤᠯᠳᠠ ᠶᠢᠨ 《 ᠵᠢᠷᠭᠤᠭ᠎ᠠ ᠪᠠᠢᠬᠤ》 ᠪᠠᠷᠢᠮᠵᠢᠶ᠎ᠠ ᠶᠤᠰᠤᠭᠠᠷ᠂ ᠠᠬᠤᠢ ᠲᠠᠯᠠᠪᠠᠢ᠂ ᠲᠦᠬᠦᠭᠡᠷᠤᠮᠵᠢ ᠵᠢᠴᠢ ᠢᠵᠢ ᠪᠦᠷᠢᠳᠦᠭᠰᠨᠨ ᠲᠦᠷᠢᠮ ᠢ ᠲᠠᠰᠤᠷᠠᠯᠳᠠ ᠦᠭᠡᠢ ᠲᠠᠬᠦᠯᠳᠡᠷᠵᠢᠬᠦᠯᠤᠨ᠂ ᠨᠠᠮ ᠤᠨ ᠬᠠᠮᠤᠭ ᠰᠢᠨ᠎ᠡ ᠤᠨᠤᠯ ᠤᠨ ᠦᠷ᠎ᠠ ᠪᠦᠳᠤᠭᠡᠯ ᠪᠤᠯᠤᠨ ᠨᠠᠮ ᠤᠨ ᠡᠬᠦᠷ ᠤᠨ ᠬᠦᠳᠡᠯᠭᠡᠭᠡᠨ ᠤ ᠲᠤᠬᠢᠷᠠᠯᠭᠤᠯᠤᠯᠳᠠ ᠶᠢ ᠴᠠᠭ ᠲᠤᠬᠠᠢ ᠳᠤᠨᠢ ᠨᠡᠢᠳᠡᠯᠡᠵᠤ᠂ ᠨᠠᠮ ᠤᠨ ᠪᠠᠢᠭᠤᠯᠤᠯᠳᠠ ᠶᠢᠨ ᠠᠵᠢᠯ ᠤᠨ ᠲᠦᠷᠢᠮᠵᠢᠯᠳᠠ᠂ ᠰᠢᠨᠵᠢᠯᠡᠬᠦ ᠤᠬᠠᠭᠠᠨᠴᠢᠯᠠᠯᠳᠠ ᠶᠢᠨ ᠵᠠᠮ ᠶᠢᠠᠷ ᠵᠠᠮᠨᠠᠬᠤ ᠶᠢ ᠠᠬᠢᠭᠤᠯᠬᠤ ᠭᠡᠷᠡᠭᠳᠡᠢ᠃ ᠤᠯᠠᠨ ᠲᠦᠮᠡᠨᠴᠢ ᠱᠤᠭᠤᠮ ᠢ ᠢᠳᠡᠪᠬᠢᠳᠠᠢ ᠤᠢᠯᠡᠳᠤᠯᠭᠡᠵᠢᠬᠦᠯᠵᠤ᠂ ᠠᠵᠢᠯ ᠤᠨ ᠲᠤᠮᠳᠠ ᠪᠠᠨ ᠬᠦᠮᠤᠨ ᠨᠡᠢᠭᠡᠮ ᠤᠨ ᠬᠠᠯᠠᠮᠵᠢ ᠶᠢ ᠲᠤᠪᠤᠢᠯᠭᠠᠨ᠂ ᠠᠵᠢᠯᠳᠠᠨ ᠤ ᠬᠦᠰᠡᠯ ᠱᠠᠭᠠᠷᠳᠠᠯᠭ᠎ᠠ ᠶᠢ ᠰᠤᠨᠤᠰᠴᠤ᠂ ᠬᠠᠮᠤᠭ ᠶᠡᠭᠡ ᠭᠡᠪᠴᠢᠶ᠎ᠠ ᠪᠡᠷ ᠠᠵᠤ ᠠᠬᠤᠢᠯᠠᠯ ᠤᠨ ᠦᠷᠭᠡᠨ ᠤᠯᠨᠨ ᠨᠠᠮ ᠤᠨ ᠭᠡᠰᠢᠬᠦᠨ᠂ ᠠᠵᠢᠯᠳᠠᠨ ᠤ ᠢᠳᠡᠪᠬᠢ ᠴᠢᠨᠠᠷ᠂ ᠬᠦᠳᠡᠯᠤᠩᠬᠦᠢ ᠴᠢᠨᠠᠷ ᠪᠤᠯᠤᠨ ᠡᠬᠦᠳᠤᠨ ᠪᠦᠳᠤᠭᠡᠯᠴᠢ ᠴᠢᠠᠨᠷ ᠢ ᠬᠦᠪᠴᠢᠯᠨᠨ᠂ ᠠᠵᠢᠯᠳᠠᠨ ᠪᠤᠯᠤᠨ ᠤᠯᠨᠨ ᠲᠦᠮᠨᠨ ᠢ ᠨᠠᠮ ᠤᠨ ᠵᠤᠬᠢᠶᠠᠨ ᠪᠠᠢᠭᠤᠯᠤᠯᠳᠠ ᠶᠢᠨ ᠲᠤᠭᠤᠷᠢᠨ ᠳᠤ ᠨᠢᠭᠳᠠ ᠪᠦᠯᠬᠦᠮᠳᠡᠬᠦᠯᠵᠤ᠂ ᠬᠦᠴᠤᠨ ᠶᠢᠠᠨ ᠨᠢᠭᠳᠠᠷᠠᠭᠤᠯᠤᠨ ᠠᠵᠤ ᠠᠬᠤᠢᠯᠠᠯ ᠤᠨ ᠬᠦᠭᠵᠢᠯᠳᠠ ᠶᠢ ᠲᠦᠯᠬᠢᠨ ᠠᠬᠢᠭᠤᠯᠬᠤ ᠭᠡᠷᠡᠭᠳᠡᠢ ᠭᠡᠵᠡᠢ᠃