ᠤᠳᠤ ᠶᠢᠨ ᠪᠠᠢ᠌ᠷᠢ᠄
ᠴᠢᠬᠤᠯᠠ ᠮᠡᠳᠡᠭᠡ → ᠬᠤᠲᠠ ᠶᠢᠨ ᠠᠷᠠᠳ ᠤᠨ ᠲᠦ᠋ᠯᠦᠭᠡᠯᠡᠭ᠍ᠴᠢ᠍ᠳ ᠤᠨ᠁
ᠬᠤᠲᠠ ᠶᠢᠨ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠰᠤᠳ᠋ᠤᠯᠤᠨ ᠪᠠᠢ᠌ᠴᠠᠭᠠᠬᠤ ᠲᠤᠭᠤᠢ᠌ᠯᠠᠩ ᠮᠠᠨ ᠤ ᠬᠤᠰᠢ᠍ᠭᠤᠨ ᠳ᠋ᠥ ᠢᠷᠡᠵᠦ ᠠᠷᠠᠳ ᠤᠨ ᠠᠮᠢ᠍ᠳ᠋ᠤᠷᠠᠯ ᠤᠨ ᠪᠣᠳ᠋ᠠᠳ᠋ᠣ ᠶᠠᠪᠤᠳ᠋ᠠᠯ ᠤᠨ ᠲᠦ᠋ᠷᠣᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠪᠢᠯᠸᠲ ᠢᠶᠠᠷ ᠲᠤᠭᠳ᠋ᠠᠭᠠᠬᠤ ᠲᠦ᠋ᠷᠢ᠍ᠮ ᠤᠨ ᠠᠵᠢ᠍ᠯ ᠢ ᠪᠠᠢ᠌ᠴᠠᠭᠠᠨ ᠰᠤᠳ᠋ᠤᠯᠤᠭᠰᠠᠨ ᠨᠢ
ᠤᠢ᠌ᠷ᠎ᠠ ᠶᠢᠨ ᠡᠳ᠋ᠦᠷ᠂ ᠬᠤᠲᠠ ᠶᠢᠨ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠣᠷᠡᠯ ᠤᠨ ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠼᠦ᠋ᠢ ᠶᠢ᠍ᠩ ᠶᠦ᠋ᠸᠸ ᠪᠠᠷ ᠳᠤᠭᠤᠢ᠌ᠯᠠᠩ ᠤᠨ ᠳᠠᠷᠤᠭ᠎ᠠ ᠪᠤᠯᠭᠠᠭᠰᠠᠨ ᠰᠤᠳ᠋ᠤᠯᠤᠨ ᠪᠠᠢ᠌ᠴᠠᠭᠠᠬᠤ ᠳᠤᠭᠤᠢᠯᠠᠩ ᠮᠠᠨ ᠤ ᠬᠤᠰᠢ᠍ᠭᠤᠨ ᠳ᠋ᠥ ᠢᠷᠡᠵᠦ᠂ ᠠᠷᠠᠳ ᠤᠨ ᠠᠮᠢ᠍ᠳ᠋ᠤᠷᠠᠯ ᠤᠨ ᠪᠣᠳ᠋ᠠᠳ᠋ᠣ ᠶᠠᠪᠤᠳ᠋ᠠᠯ ᠤᠨ ᠲᠦ᠋ᠷᠣᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠪᠢᠯᠸᠲ ᠢᠶᠠᠷ ᠲᠤᠭᠲᠠᠭᠠᠬᠤ ᠲᠦ᠋ᠷᠢ᠍ᠮ ᠤᠨ ᠠᠵᠢ᠍ᠯ ᠢ ᠰᠤᠳ᠋ᠤᠯᠤᠨ ᠪᠠᠢ᠌ᠴᠠᠭᠠᠬᠤ ᠶᠢᠨ ᠬᠠᠮᠲᠤ ᠰᠠᠭᠤᠳ᠋ᠠᠯ ᠤᠨ ᠬᠤᠷᠠᠯ ᠬᠤᠷᠠᠯᠳ᠋ᠤᠭᠣᠯᠪᠠ᠃ ᠬᠤᠰᠢ᠍ᠭᠤᠨ ᠤ ᠨᠠᠮ ᠤᠨ ᠬᠤᠷᠢ᠍ᠶᠠᠨ ᠤ ᠳᠡᠳ᠋ ᠱᠦ᠋ᠵᠢ᠂ ᠬᠤᠰᠢ᠍ᠭᠤᠨ ᠳᠠᠷᠤᠭ᠎ᠠ ᠡᠷᠳᠡᠨᠢᠭᠦᠤ᠂ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠶᠠᠨ ᠤ ᠡᠷᠬᠢᠯᠡᠭ᠍ᠴᠢ ᠪᠠᠶᠠᠨᠰᠠᠩ ᠰᠠᠭᠤᠳ᠋ᠠᠯ ᠤᠨ ᠬᠤᠷᠠᠯ ᠳ᠋ᠥ ᠰᠠᠭᠠᠲᠠᠪᠠ᠃ ᠬᠡᠰᠡᠭ᠌ ᠰᠤᠮᠤ ᠪᠠᠯᠭᠠᠰᠤᠨ ᠤ ᠬᠠᠷᠢ᠍ᠭᠤᠴᠠᠯᠭᠠᠲᠠᠳ᠂ ᠬᠠᠮᠢ᠍ᠶ᠎ᠠ ᠪᠦᠬᠦᠢ ᠠᠵᠢ᠍ᠯᠲᠠᠳ ᠰᠠᠭᠤᠳ᠋ᠠᠯ ᠤᠨ ᠬᠤᠷᠠᠯ ᠳ᠋ᠥ ᠤᠷᠤᠯᠴᠠᠪᠠ᠃





ᠰᠠᠭᠤᠳ᠋ᠠᠯ ᠤᠨ ᠬᠤᠷᠠᠯ ᠳᠡᠭᠡᠷ᠎ᠠ᠂ ᠪᠠᠶᠠᠨᠰᠠᠩ ᠮᠠᠨ ᠤ ᠬᠤᠰᠢ᠍ᠭᠤᠨ ᠤ ᠠᠷᠠᠳ ᠤᠨ ᠠᠮᠢ᠍ᠳ᠋ᠤᠷᠠᠯ ᠤᠨ ᠪᠣᠳ᠋ᠠᠳ᠋ᠣ ᠶᠠᠪᠤᠳ᠋ᠠᠯ ᠤᠨ ᠲᠦ᠋ᠷᠣᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠪᠢᠯᠸᠲ ᠢᠶᠠᠷ ᠲᠤᠭᠲᠠᠭᠠᠬᠤ ᠲᠦ᠋ᠷᠢ᠍ᠮ ᠤᠨ ᠠᠵᠢ᠍ᠯ ᠦᠷᠨᠢᠭᠦᠯᠦᠭ᠍ᠰᠡᠨ ᠪᠠᠢ᠌ᠳ᠋ᠠᠯ ᠢ ᠬᠠᠷᠢ᠍ᠭᠤ ᠮᠡᠳ᠋ᠡᠭᠦᠯᠪᠡ᠃ ᠪᠠᠶᠠᠨᠰᠠᠩ ᠬᠡᠯᠡᠭ᠍ᠰᠡᠨ ᠨᠢ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠰᠢ ᠵᠢᠨ ᠫᠢᠩ ᠶᠡᠷᠦᠩᠬᠡᠢ ᠱᠦ᠋ᠵᠢ ᠶᠢᠨ ᠰᠢ᠍ᠨ᠎ᠠ ᠴᠠᠭ ᠦᠶ᠎ᠠ ᠶᠢᠨ ᠳᠤᠮᠳ᠋ᠠᠳ᠋ᠤ ᠤᠯᠤᠰ ᠤᠨ ᠤᠨᠴᠠᠯᠢ᠍ᠭ ᠲᠡᠶ ᠨᠡᠢ᠌ᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳ᠋ᠤᠮᠵᠢ ᠪᠤᠯᠭᠠᠨ᠂ ᠰᠢ ᠵᠢᠨ ᠫᠢᠩ ᠶᠡᠷᠦᠩᠬᠡᠢ ᠱᠦ᠋ᠵᠢ ᠶᠢᠨ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠳᠦ᠋ᠷᠢ᠍ᠮ ᠢ ᠪᠠᠷᠢ᠍ᠮᠳ᠋ᠠᠯᠡᠨ ᠲᠡᠬᠦᠯᠳ᠋ᠡᠷᠵᠢ᠍ᠬᠦᠯᠬᠦ ᠲᠤᠬᠠᠢ ᠴᠢ᠍ᠬᠤᠯᠠ ᠦᠵᠡᠯ ᠰᠠᠨᠠᠭ᠎ᠠ ᠵᠢ ᠲᠣᠭᠣᠰᠢ᠍ᠯᠠᠭᠣᠯᠣᠨ ᠨᠠᠢ᠌ᠳ᠋ᠠᠪᠦᠷᠢ᠍ᠵᠢ᠍ᠭᠣᠯᠵᠣ᠂ ᠬᠤᠰᠢ᠍ᠭᠤᠨ ᠤ ᠨᠠᠮ ᠤᠨ ᠬᠤᠷᠢ᠍ᠶᠠᠨ ᠤ ᠤᠳ᠋ᠤᠷᠢ᠍ᠳ᠋ᠤᠯᠭ᠎ᠠ ᠳᠤᠤᠷ᠎ᠠ᠂ ᠲᠠᠯᠭᠡᠷᠡᠩᠬᠦᠢ ᠶᠠᠷᠢ᠍ᠯᠴᠠᠨ ᠰᠤᠳ᠋ᠤᠯᠬᠤ ᠪᠠᠷ ᠳᠠᠮᠵᠢ᠍ᠵᠤ᠂ ᠪᠠᠶᠠᠷᠲᠤᠬᠤᠰᠢ᠍ᠭᠤ ᠪᠠᠯᠭᠠᠰᠤ᠂ ᠰᠢ᠍ᠶᠠᠩᠱᠠᠨ ᠪᠠᠯᠭᠠᠰᠤ᠂ ᠦᠯᠵᠡᠢ᠌ᠮᠦᠢ᠍ᠷᠡᠨ ᠰᠤᠮᠤ᠂ ᠳᠤᠯᠤᠲᠤ ᠰᠤᠮᠤ᠂ ᠪᠠᠶᠠᠨᠲᠠᠯ᠎ᠠ ᠰᠤᠮᠤ ᠵᠡᠷᠭᠡ 5 ᠰᠤᠮᠤ ᠪᠠᠯᠭᠠᠰᠤ ᠶᠢ ᠮᠠᠨ ᠤ ᠬᠤᠰᠢ᠍ᠭᠤᠨ ᠤ 2019 ᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠣᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠪᠢᠯᠸᠲ ᠢᠶᠠᠷ ᠲᠤᠭᠳ᠋ᠠᠭᠠᠬᠤ ᠲᠦ᠋ᠷᠢ᠍ᠮ ᠤᠨ ᠲᠤᠷᠰᠢ᠍ᠯᠲᠡ ᠶᠢᠨ ᠴᠡᠭ᠌ ᠤᠨ ᠪᠠᠢᠭᠤᠯᠭ᠎ᠠ ᠪᠠᠷ ᠲᠤᠭᠳ᠋ᠠᠭᠠᠭᠰᠠᠨ ᠪᠠᠢ᠌ᠨ᠎ᠠ᠃
ᠬᠠᠷᠢ᠍ᠭᠤ ᠮᠡᠳ᠋ᠡᠭᠦᠯᠦᠯᠳ᠋ᠡ ᠶᠢ ᠰᠤᠨᠤᠰᠤᠭᠰᠡᠨ ᠤ ᠳᠠᠷᠠᠭ᠎ᠠ᠂ ᠼᠦ᠋ᠢ ᠶᠢ᠍ᠩ ᠶᠦ᠋ᠸᠸ ᠵᠢᠭᠠᠵᠤ ᠭᠠᠷᠭᠠᠭᠰᠠᠨ ᠨᠢ᠂ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠣᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠪᠢᠯᠸᠲ ᠢᠶᠠᠷ ᠲᠤᠭᠳ᠋ᠠᠭᠠᠬᠤ ᠲᠦ᠋ᠷᠢ᠍ᠮ ᠨᠢ ᠦᠨᠳ᠋ᠦᠰᠦᠨ ᠱᠠᠲᠤᠨ ᠤ ᠠᠷᠠᠳ ᠤᠨ ᠠᠮᠢ᠍ᠳ᠋ᠤᠷᠠᠯ ᠤᠨ ᠤᠯᠤᠰ ᠲᠦ᠋ᠷᠦ ᠶᠢᠨ ᠪᠦᠲᠦᠭᠡᠨ ᠪᠠᠢ᠌ᠭᠤᠯᠤᠯᠲᠠ ᠶᠢ ᠴᠢ᠍ᠩᠭ᠋ᠠᠳᠬᠠᠬᠤ ᠪᠤᠳ᠋ᠠᠳ᠋ᠤ ᠦᠢ᠍ᠯᠡᠳ᠋ᠦᠯᠭᠡ᠂ ᠠᠷᠠᠳ ᠤᠨ ᠲᠦᠯᠤᠭᠡ ᠭᠡᠬᠦ ᠵᠤᠷᠢ᠍ᠯᠲᠠ ᠶᠢ ᠨᠡᠩ ᠰᠠᠢ᠌ᠨ ᠢᠶᠠᠷ ᠬᠡᠷᠡᠭ᠍ᠵᠢ᠍ᠭᠦᠯᠬᠦ ᠶᠢᠨ ᠴᠢ᠍ᠬᠤᠯᠠ ᠵᠠᠮ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠳᠦ᠋ᠷᠢ᠍ᠮ ᠢ ᠪᠠᠷᠢ᠍ᠮᠲᠠᠯᠠᠨ ᠲᠡᠭᠦᠯᠳ᠋ᠡᠷᠵᠢ᠍ᠭᠦᠯᠬᠦ ᠶᠢᠨ ᠪᠦᠲᠦᠮᠵᠢ᠍ᠲᠡᠢ ᠠᠷᠭ᠎ᠠ ᠠᠪᠴᠢ᠍ᠯ ᠮᠦ᠋ᠨ᠃ ᠲᠡᠢ᠌ᠮᠦ ᠡᠴᠡ᠂ ᠠᠷᠠᠳ ᠤᠨ ᠲᠦ᠋ᠯᠦᠭᠡᠯᠡᠭ᠍ᠴᠢ ᠶᠢᠨ ᠨᠡᠢ᠌ᠭᠡᠮ ᠤᠨ ᠠᠵᠢ᠍ᠯ ᠤᠨ ᠬᠠᠮᠢ᠍ᠶᠠᠷᠤᠯᠲᠠ ᠳ᠋ᠥ ᠣᠷᠣᠯᠴᠠᠬᠣ ᠴᠢ᠍ᠬᠤᠯᠠ ᠦᠢ᠍ᠯᠡᠳ᠋ᠦᠯ ᠢ ᠭᠦᠢ᠍ᠴᠡᠳ ᠪᠠᠳ᠋ᠠᠷᠠᠭᠤᠯᠤᠨ᠂ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠣᠯ ᠵᠦ᠋ᠢ᠍ᠯ ᠤᠨ ᠲᠦ᠋ᠷᠦ ᠶᠢᠨ ᠪᠤᠳ᠋ᠤᠯᠭ᠎ᠠ ᠲᠣᠭᠳ᠋ᠠᠭᠠᠬᠣ ᠶᠠᠪᠤᠴᠠ ᠳᠤᠮᠳ᠋ᠠᠬᠢ ᠠᠷᠠᠳᠴᠢ᠍ᠯᠠᠯᠲᠠ᠂ ᠰᠢ᠍ᠨᠵᠢ᠍ᠯᠡᠬᠦ ᠤᠬᠠᠭᠠᠨᠴᠢ᠍ᠯᠠᠯᠳ᠋ᠠ᠂ ᠳᠦ᠋ᠷᠢ᠍ᠮᠵᠢ᠍ᠯᠳ᠋ᠠ ᠵᠢ ᠴᠢ᠍ᠩᠭ᠋ᠠᠳᠬᠠᠬᠤ ᠬᠡᠷᠡᠭ᠍ᠲᠡᠢ᠃ ᠲᠡᠷᠢ᠍ᠭᠦᠨ ᠤ ᠭᠠᠵᠠᠷ ᠤᠷᠤᠨ ᠤ ᠠᠵᠢ᠍ᠯ ᠲᠤᠷᠰᠢ᠍ᠯᠭ᠎ᠠ ᠪᠡᠷ ᠲᠤᠯᠢ ᠪᠤᠯᠭᠠᠵᠤ᠂ ᠬᠠᠤᠯᠢ ᠴᠠᠭᠠᠵᠨ ᠬᠠᠣᠯᠢ ᠳᠦ᠋ᠷᠢ᠍ᠮ ᠤᠨ ᠲᠤᠭᠲᠠᠭᠠᠯ ᠪᠤᠯᠤᠨ ᠦᠪᠡᠷᠲᠡᠭᠡᠨ ᠵᠠᠰᠠᠬᠤ ᠤᠷᠤᠨ᠂ ᠬᠤᠲᠠ ᠶᠢᠨ ᠳᠡᠰ ᠤᠨ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠬᠠᠮᠢ᠍ᠶ᠎ᠠ ᠪᠦᠬᠦᠢ ᠱᠠᠭᠠᠷᠳ᠋ᠠᠯᠭ᠎ᠠ ᠶᠤᠰᠤᠭᠠᠷ᠂ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠣᠯ ᠵᠦ᠋ᠢ᠍ᠯ ᠤᠨ ᠲᠦ᠋ᠯᠦᠪᠯᠡᠭᠡ ᠶᠢ ᠰᠢ᠍ᠨᠵᠢ᠍ᠯᠡᠬᠦ ᠣᠬᠠᠭᠠᠨᠴᠢ ᠪᠡᠷ ᠳᠤᠷᠠᠳᠴᠤ᠂ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠣᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠪᠢᠯᠸᠲ ᠢᠶᠠᠷ ᠲᠤᠭᠳ᠋ᠠᠭᠠᠬᠤ ᠲᠦ᠋ᠷᠢ᠍ᠮ ᠢ ᠲᠠᠰᠤᠷᠠᠯᠲᠠ ᠦᠭᠡᠶ ᠲᠡᠭᠦᠯᠳ᠋ᠡᠷᠵᠢ᠍ᠭᠦᠯᠦᠨ᠂ ᠠᠵᠢ᠍ᠯ ᠦᠷᠨᠢᠬᠦᠯᠬᠦ ᠳ᠋ᠥ ᠬᠦᠴᠦᠲᠡᠢ ᠪᠠᠲᠤᠯᠠᠭ᠎ᠠ ᠬᠠᠩᠭ᠋ᠠᠬᠣ ᠬᠡᠷᠡᠭ᠍ᠳ᠋ᠠᠢ᠃ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠣᠯ ᠵᠦ᠋ᠢ᠍ᠯ ᠤᠨ ᠰᠤᠩᠭ᠋ᠤᠯᠲᠠ ᠳᠡᠭᠡᠷ᠎ᠠ《ᠠᠷᠠᠳ ᠤᠨ ᠠᠮᠢ᠍ᠳ᠋ᠤᠷᠠᠯ》《ᠲᠦ᠋ᠭᠡᠮᠡᠯ ᠬᠠᠷᠠᠭᠠᠯᠵᠠᠬᠣ》ᠬᠤᠶᠠᠷ ᠵᠠᠩᠭᠢᠯᠠᠭ᠎ᠠ ᠶᠢᠨ ᠴᠡᠭ᠌ ᠢ ᠠᠳᠬᠤᠵᠤ᠂ ᠠᠷᠠᠳ ᠲᠦ᠋ᠮᠡᠨ ᠤ ᠮᠡᠳ᠋ᠡᠷᠡᠭ᠍ᠰᠡᠨ ᠲᠦ᠋ᠷᠦᠯ ᠵᠦ᠋ᠢ᠍ᠯ ᠢ ᠰᠤᠩᠭ᠋ᠤᠬᠤ ᠬᠡᠷᠡᠭ᠍ᠲᠡᠢ᠃ ᠪᠡᠯᠡ ᠮᠦ᠋ᠩᠭᠦ ᠶᠢᠨ ᠡᠬᠢ ᠰᠤᠷᠪᠤᠯᠵᠢ ᠶᠢ ᠴᠢ᠍ᠩᠭ᠎ᠠ ᠬᠢᠵᠠᠭᠠᠷᠯᠠᠵᠤ᠂ ᠬᠤᠰᠢ᠍ᠭᠤᠨ ᠤ ᠲᠣᠰ ᠱᠠᠳ᠋ᠣᠨ ᠤ ᠡᠳ᠋ ᠤᠨ ᠵᠠᠰᠠᠭ ᠤᠨ ᠬᠦᠴᠣᠨ ᠢᠶᠠᠨ ᠦᠨᠳ᠋ᠣᠰᠣᠯᠡᠨ ᠠᠷᠠᠳ ᠤᠨ ᠠᠮᠢ᠍ᠳ᠋ᠤᠷᠠᠯ ᠤᠨ ᠪᠤᠳ᠋ᠠᠲᠤ ᠶᠠᠪᠤᠳ᠋ᠠᠯ ᠤᠨ ᠲᠦ᠋ᠷᠣᠯ ᠵᠦ᠋ᠢ᠍ᠯ ᠢ ᠨᠠᠢ᠌ᠳ᠋ᠠᠪᠦᠷᠢ᠍ᠵᠢ᠍ᠭᠣᠯᠣᠨ᠂ ᠠᠵᠤ ᠠᠬᠤᠢ᠌ᠯᠠᠯ᠂ ᠪᠡᠯᠨ ᠮᠦ᠋ᠩᠭᠦ ᠵᠢᠭᠡᠯᠡᠬᠦ ᠵᠢᠴᠢ ᠰᠦᠢᠳᠭᠡᠯ ᠬᠤᠷᠢ᠍ᠶᠠᠬᠤ ᠵᠡᠷᠭᠡ ᠠᠷᠭ᠎ᠠ ᠪᠠᠷ ᠬᠠᠤᠯᠢ ᠪᠤᠰᠤ ᠪᠠᠷ ᠪᠡᠯᠡ ᠮᠦ᠋ᠩᠭᠦ ᠴᠣᠭᠯᠠᠭᠣᠯᠬᠣ ᠵᠢ ᠡᠷᠡᠰ ᠬᠢᠵᠠᠭᠠᠷᠯᠠᠬᠣ ᠬᠡᠷᠡᠭ᠍ᠳ᠋ᠠᠢ᠃ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠣᠯ ᠵᠦ᠋ᠢ᠍ᠯ ᠢ ᠴᠣᠭᠯᠠᠭᠣᠯᠬᠣ ᠳᠡᠭᠡᠷ᠎ᠠ᠂ ᠦᠵᠡᠯ ᠰᠠᠨᠠᠭᠠᠨ ᠤ ᠲᠠᠨᠢᠯᠲᠠ ᠪᠠᠨ ᠳᠡᠭᠡᠭ᠍ᠰᠢ᠍ᠯᠡᠭᠦᠯᠵᠦ᠂ ᠡᠯ᠎ᠠ ᠬᠠᠮᠢ᠍ᠶ᠎ᠠ ᠪᠦᠬᠦᠢ ᠰᠠᠯᠠᠭ᠎ᠠ ᠮᠦ᠋ᠴᠢ᠍ᠷ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠳᠤᠮᠳ᠋ᠠ ᠨᠡᠩ ᠬᠠᠷᠢ᠍ᠭᠤᠴᠠᠯᠭ᠎ᠠ ᠲᠡᠢ᠂ ᠰᠢ᠍ᠨ᠎ᠠ ᠪᠠᠢ᠌ᠳ᠋ᠠᠯ ᠢ ᠲᠠᠰᠤᠷᠠᠯᠲᠠ ᠦᠭᠡᠶ ᠰᠤᠳ᠋ᠤᠯᠵᠤ᠂ ᠰᠢ᠍ᠨ᠎ᠠ ᠠᠰᠠᠭᠣᠳ᠋ᠡᠯ ᠢ ᠰᠢ᠌ᠳᠪᠦᠷᠢ᠍ᠯᠡᠨ᠂ ᠤᠨᠴᠠᠭᠠᠢ᠌ᠯᠠᠨ ᠲᠦ᠋ᠷᠦᠯ ᠵᠦ᠋ᠢ᠍ᠯ ᠢ ᠴᠣᠭᠯᠠᠭᠣᠯᠬᠣ ᠭᠤᠭᠴᠤᠭ᠎ᠠ ᠶᠢᠨ ᠲᠤᠭᠤᠷᠢ᠍ᠨ ᠳ᠋ᠥ᠂ ᠠᠷᠠᠳ ᠤᠨ ᠲᠦᠯᠤᠭᠡ ᠭᠡᠬᠦ ᠵᠤᠷᠢ᠍ᠯᠲᠡ ᠶᠢ ᠪᠡᠶᠡᠯᠡᠭᠦᠯᠦᠨ᠂ ᠠᠷᠠᠳ ᠤᠨ ᠰᠠᠨᠠᠯ ᠢ ᠰᠤᠨᠤᠰᠤᠨ᠂ ᠤᠯᠠᠨ ᠠᠷᠭ᠎ᠠ ᠪᠠᠷ ᠵᠦ᠋ᠪᠯᠡᠯᠭᠡ ᠬᠤᠷᠠᠮᠳ᠋ᠤᠭᠤᠯᠬᠤ ᠬᠡᠷᠡᠭ᠍ᠲᠡᠢ᠃ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠣᠳ᠋ᠡᠯ ᠤᠨ ᠲᠦ᠋ᠷᠦᠯ ᠵᠦ᠋ᠢ᠍ᠯ ᠤᠨ ᠬᠡᠷᠡᠭ᠍ᠵᠢ᠍ᠭᠦᠯᠦᠯᠲᠡ ᠳᠤᠮᠳ᠋ᠠ᠂ ᠠᠷᠠᠳ ᠤᠨ ᠲᠦ᠋ᠯᠦᠭᠡᠯᠡᠭ᠍ᠴᠢ᠍ᠳ ᠤᠨ ᠬᠢᠨᠠᠯᠳ᠋ᠠ ᠲᠠᠯᠪᠢᠵᠤ ᠲᠦ᠋ᠯᠬᠢᠨ ᠠᠬᠢᠭᠤᠯᠬᠤ ᠦᠢ᠍ᠯᠡᠳ᠋ᠦᠯ ᠢ ᠪᠠᠳ᠋ᠠᠷᠠᠭᠤᠯᠬᠤ ᠶᠢ ᠴᠢ᠍ᠬᠤᠯᠠᠴᠢ᠍ᠯᠠᠨ᠂ ᠪᠣᠳ᠋ᠠᠳ᠋ᠣ ᠶᠠᠪᠣᠳ᠋ᠡᠯ ᠢ ᠰᠠᠢ᠌ᠳ᠋ᠤᠷ ᠬᠢᠬᠦ ᠬᠡᠷᠡᠭ᠍ᠲᠡᠢ ᠭᠡᠵᠡᠢ᠃
ᠡᠷᠳᠡᠨᠢᠭᠦᠤ ᠬᠡᠯᠡᠭ᠍ᠰᠡᠨ ᠨᠢ᠂ ᠮᠠᠨ ᠤ ᠬᠤᠰᠢ᠍ᠭᠤᠨ ᠤ ᠲᠠᠪᠤᠨ ᠰᠤᠮᠤ ᠪᠠᠯᠭᠠᠰᠤ ᠨᠢ ᠦᠪᠡᠷᠲᠡᠭᠡᠨ ᠵᠠᠰᠠᠬᠤ ᠤᠷᠤᠨ ᠤ ᠬᠠᠮᠤᠭ ᠠᠩᠬᠠᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠪᠢᠯᠸᠲ ᠢᠶᠠᠷ ᠲᠤᠭᠳ᠋ᠠᠭᠠᠬᠤ ᠲᠦ᠋ᠷᠢ᠍ᠮ ᠤᠨ ᠲᠤᠷᠰᠢ᠍ᠯᠲᠡ ᠶᠢᠨ ᠴᠡᠭ᠌ ᠪᠤᠯᠤᠭᠰᠠᠨ ᠨᠢ᠂ ᠳᠡᠭᠡᠳ᠋ᠦ ᠱᠠᠲᠤᠨ ᠤ ᠠᠷᠠᠳ ᠤᠨ ᠲᠦ᠋ᠯᠣᠭᠡᠯᠡᠭ᠍ᠴᠢ᠍ᠣᠨ ᠤᠨ ᠶᠡᠬᠡ ᠬᠣᠷᠡᠯ ᠤᠨ ᠮᠠᠨ ᠤ ᠬᠤᠰᠢ᠍ᠭᠤᠨ ᠤ ᠠᠷᠠᠣᠨ ᠤᠨ ᠲᠦ᠋ᠯᠣᠭᠡᠯᠡᠭ᠍ᠴᠢ᠍ᠣᠨ ᠤᠨ ᠶᠡᠬᠡ ᠬᠣᠷᠡᠯ ᠤᠨ ᠠᠵᠢ᠍ᠯ ᠳ᠋ᠥ ᠦᠭ᠍ᠬᠦᠭ᠍ᠰᠡᠨ ᠳᠡᠮᠵᠢ᠍ᠯᠭᠡ ᠪᠤᠯᠤᠨ ᠢᠲᠡᠭᠡᠯ ᠢ ᠬᠦᠢ᠍ᠴᠡᠳ ᠢᠯᠡᠷᠡᠭᠦᠯᠵᠡᠢ᠃ ᠡᠭᠦᠨ ᠡᠴᠡ ᠬᠤᠢ᠌ᠰᠢ ᠮᠠᠨ ᠤ ᠬᠤᠰᠢ᠍ᠭᠤ ᠤᠯᠤᠰ ᠲᠦ᠋ᠷᠦ ᠶᠢᠨ ᠵᠤᠭᠰᠤᠴᠠ ᠪᠠᠨ ᠤᠯᠠᠮ ᠨᠢ᠍ᠭᠡ ᠠᠯᠬᠤᠮ ᠳᠡᠭᠡᠭ᠍ᠰᠢ᠍ᠯᠡᠭᠦᠯᠵᠦ᠂ ᠠᠷᠠᠳ ᠤᠨ ᠠᠮᠢ᠍ᠳ᠋ᠤᠷᠠᠯ ᠳ᠋ᠥ ᠴᠢᠭ᠍ᠯᠡᠭᠦᠯᠦᠨ᠂ ᠠᠮᠠᠯᠠᠯᠲᠠ ᠪᠠᠨ ᠪᠠᠶᠡᠯᠡᠭᠦᠯᠵᠦ᠂ ᠲᠤᠷᠰᠢ᠍ᠯᠭ᠎ᠠ ᠪᠠᠨ ᠬᠢᠨᠠᠮᠠᠭᠠᠢ ᠳ᠋ᠦ᠋ᠩᠨᠡᠨ᠂ ᠡᠮᠬᠢᠳᠭᠡᠭ᠍ᠰᠡᠨ ᠬᠢᠨᠠᠯᠳ᠋ᠠ ᠲᠠᠯᠪᠢᠬᠣ ᠠᠷᠭ᠎ᠠ ᠠᠪᠴᠠᠯ ᠢᠶᠠᠨ ᠪᠦᠬᠦ ᠲᠠᠯ᠎ᠠ ᠪᠠᠷ ᠳ᠋ᠦ᠋ᠩᠨᠡᠵᠦ᠂ ᠤᠷᠤᠰᠢ᠍ᠵᠤ ᠪᠠᠢ᠌ᠭ᠎ᠠ ᠠᠰᠠᠭᠤᠳ᠋ᠠᠯ ᠪᠤᠯᠤᠨ ᠬᠦᠷᠦᠯᠴᠡᠬᠦ ᠦᠭᠡᠶ ᠲᠠᠯ᠎ᠠ ᠪᠠᠨ ᠭᠦᠨᠵᠡᠭᠡᠢ ᠵᠠᠳ᠋ᠠᠯᠵᠤ᠂ ᠬᠢᠨᠡᠯᠲᠡ ᠲᠠᠯᠪᠢᠬᠤ ᠪᠤᠳ᠋ᠠᠳ᠋ᠤ ᠦᠷ᠎ᠠ ᠪᠦᠲᠦᠮᠵᠢ ᠪᠠᠨ ᠲᠠᠰᠤᠷᠠᠯᠲᠠ ᠦᠭᠡᠶ ᠳᠡᠭᠡᠭ᠍ᠰᠢ᠍ᠯᠡᠭᠦᠯᠦᠨ᠂2019 ᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠤᠨ ᠰᠠᠨᠠᠯ ᠦᠭ᠍ᠬᠦ ᠠᠵᠢ᠍ᠯ ᠢ ᠰᠠᠢ᠌ᠳ᠋ᠤᠷ ᠦᠷᠨᠢᠭᠦᠯᠵᠦ᠂ ᠤᠯᠠᠨ ᠲᠦ᠋ᠮᠡᠨ ᠤ ᠤᠷᠤᠯᠴᠠᠬᠤ ᠶᠢ ᠢᠳ᠋ᠡᠪᠬᠢᠳᠠᠢ ᠳᠠᠢ᠌ᠴᠢ᠍ᠯᠠᠨ᠂ ᠬᠦᠴᠦᠨ ᠢᠶᠠᠨ ᠲᠦ᠋ᠪᠯᠡᠷᠡᠭᠦᠯᠦᠨ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠢ ᠰᠠᠢ᠌ᠳ᠋ᠤᠷ ᠬᠢᠵᠦ᠂ ᠤᠯᠠᠨ ᠲᠦ᠋ᠮᠡᠨ ᠤ ᠬᠦᠷᠢ᠍ᠶᠡᠯᠡᠯ ᠢ ᠤᠯᠵᠤ᠂ ᠠᠷᠠᠳ ᠤᠨ ᠣᠯᠤᠯᠲᠠ ᠲᠦ᠋ᠷᠦᠭ᠍ᠳ᠋ᠡᠯ ᠪᠤᠯᠤᠨ ᠵᠣᠯ ᠵᠢᠷᠭᠠᠯ ᠤᠨ ᠮᠡᠳ᠋ᠡᠷᠡᠮᠵᠢ ᠶᠢ ᠪᠤᠳ᠋ᠠᠳ᠋ᠠᠢ ᠴᠢ᠍ᠩᠭ᠋ᠣᠨᠬᠠᠨᠠ ᠭᠡᠵᠡᠢ᠃
ᠰᠠᠭᠤᠳ᠋ᠠᠯ ᠤᠨ ᠬᠤᠷᠠᠯ ᠳᠡᠭᠡᠷ᠎ᠠ᠂ ᠰᠤᠳ᠋ᠤᠯᠤᠨ ᠪᠠᠢ᠌ᠴᠠᠭᠠᠬᠤ ᠲᠤᠭᠤᠢᠯᠠᠩ ᠬᠠᠮᠢ᠍ᠶ᠎ᠠ ᠪᠦᠬᠦᠢ ᠰᠤᠮᠤ ᠪᠠᠯᠭᠠᠰᠤᠨ ᠤ ᠬᠠᠷᠢ᠍ᠭᠤᠴᠠᠯᠭᠠᠲᠠᠳ ᠤᠨ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠤᠨ ᠠᠵᠢ᠍ᠯ ᠤᠨ ᠲᠦ᠋ᠯᠦᠪᠯᠡᠭᠡ ᠶᠢᠨ ᠰᠠᠨᠠᠯ ᠢ ᠰᠤᠨᠤᠰᠴᠤ᠂ ᠬᠤᠷᠠᠯ ᠳ᠋ᠥ ᠤᠷᠤᠯᠴᠠᠭᠰᠠᠳ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠪᠢᠯᠸᠲ ᠢᠶᠠᠷ ᠲᠤᠭᠳ᠋ᠠᠭᠠᠬᠤ ᠳᠦ᠋ᠷᠢ᠍ᠮ ᠤᠨ ᠠᠵᠢ᠍ᠯ ᠤᠨ ᠲᠤᠬᠠᠢ ᠰᠠᠢ᠌ᠨ ᠰᠠᠨᠠᠯ ᠰᠠᠨᠠᠭᠤᠯᠭ᠎ᠠ ᠲᠤᠷᠠᠳᠤᠭᠰᠠᠨ ᠪᠠᠢᠨ᠎ᠡ᠃
ᠨᠡᠢ᠌ᠲᠡᠯᠡᠭᠰᠡᠰᠨ ᠴᠠᠭ᠄ 2019-01-08 15:22:28
ᠨᠠᠢ᠌ᠷᠠᠭᠤᠯᠤᠭᠴᠢ᠄ ᠳ᠋ᠠᠢ ᠰᠢᠶᠦ᠋ᠩ
ᠬᠠᠷᠢᠭᠤᠴᠠᠭᠰᠠᠨ ᠨᠠᠢ᠌ᠷᠠᠭᠤᠯᠤᠭᠴᠢ᠄ ᠳ᠋ᠠᠢ ᠰᠢᠶᠦ᠋ᠩ
ᠳᠠᠷᠤᠮ᠄ 1997