ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠳᠦ᠋ᠷᠪᠡᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠢ ᠵᠤᠬᠢᠶᠠᠨ ᠪᠠᠢ᠌ᠭᠤᠯᠵᠤ ᠮᠠᠨ ᠤ ᠬᠤᠰᠢ᠍ᠭᠤᠨ ᠤ ᠭᠤᠤᠯᠳ᠋ᠠᠯᠭ᠎ᠠ ᠲᠡᠶ ᠠᠵᠢ᠍ᠯ ᠲᠦ᠋ᠷᠦᠯ ᠢ ᠲᠤᠭᠤᠷᠢᠨ ᠪᠠᠢ᠌ᠴᠠᠭᠠᠭᠰᠠᠨ
ᠤᠢ᠌ᠷ᠎ᠠ ᠶᠢᠨ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠨᠢ᠍ᠭᠡ ᠪᠦᠯᠦᠭ᠌ ᠪᠦᠬᠦ ᠤᠯᠤᠰ᠂ ᠦᠪᠡᠷᠳ᠋ᠡᠭᠡᠨ ᠵᠠᠰᠠᠬᠤ ᠤᠷᠤᠨ᠂ ᠬᠤᠳ᠋ᠠ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠢ ᠵᠤᠬᠢᠶᠠᠨ ᠪᠠᠢ᠌ᠭᠤᠯᠵᠤ᠂ ᠪᠦᠬᠦ ᠬᠤᠰᠢ᠍ᠭᠤᠨ ᠤ ᠭᠤᠤᠯᠳ᠋ᠠᠯᠭ᠎ᠠ ᠲᠡᠶ ᠠᠵᠢ᠍ᠯ ᠲᠦ᠋ᠷᠦᠯ ᠢ ᠲᠦ᠋ᠪᠯᠡᠷᠡᠩᠬᠦᠢ ᠲᠤᠭᠤᠷᠢ᠍ᠨ ᠪᠠᠢ᠌ᠴᠠᠭᠠᠪᠠ᠃ᠬᠤᠰᠢ᠍ᠭᠤᠨ ᠤ ᠨᠠᠮ ᠤᠨ ᠬᠤᠷᠢ᠍ᠶᠠᠨ ᠤ ᠳᠡᠳ᠋ ᠱᠦ᠋ᠵᠢ᠂ ᠬᠤᠰᠢ᠍ᠭᠤᠨ ᠳᠠᠷᠤᠭ᠎ᠠ ᠡᠷᠳᠡᠨᠢᠬᠦᠦ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠪᠠᠶᠠᠨᠰᠠᠩ᠂ ᠬᠤᠰᠢ᠍ᠭᠤᠨ ᠤ ᠨᠠᠮ ᠤᠨ ᠬᠤᠷᠢ᠍ᠶᠠᠨ ᠤ ᠪᠠᠢ᠌ᠩᠭ᠋ᠤ ᠶᠢᠨ ᠬᠡᠰᠢ᠍ᠬᠦᠨ᠂ ᠬᠤᠰᠢ᠍ᠭᠤᠨ ᠳᠡᠳ᠋ ᠳᠠᠷᠤᠭ᠎ᠠ ᠰᠢ᠍ᠶᠤᠤ ᠴᠢ᠍ᠶᠠᠩ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠪᠦ ᠮᠤᠤ ᠰᠢ᠍ᠶᠠᠩ᠂ ᠦᠷᠡᠪᠠᠲᠤ᠂ ᠰᠦ᠋ᠩ ᠯᠢ᠍ᠶᠡᠨ ᠡᠾᠦ᠋ᠢ ᠪᠤᠯᠤᠨ ᠬᠡᠰᠡᠭ᠌ ᠳᠦ᠋ᠷᠪᠡᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠲᠤᠭᠤᠷᠢ᠍ᠨ ᠪᠠᠢ᠌ᠴᠠᠭᠠᠯᠳ᠋ᠠ ᠳᠤ ᠤᠷᠤᠯᠴᠠᠪᠠ᠃







ᠲᠣᠭᠤᠷᠢᠨ ᠪᠠᠢ᠌ᠴᠠᠭᠠᠬᠤ ᠪᠦᠯᠬᠦᠮ ᠪᠦᠬᠦ ᠬᠤᠰᠢ᠍ᠭᠤᠨ ᠤ ᠡᠨᠧᠷᠭᠢ ᠶᠢᠨ ᠨᠡᠭᠡᠭᠡᠨ ᠭᠦᠭ᠍ᠵᠢ᠍ᠭᠦᠯᠦᠯᠳ᠋ᠡ᠂ ᠠᠵᠤ ᠦᠢ᠍ᠯᠡᠳᠪᠦᠷᠢ ᠶᠢᠨ ᠲᠤᠭᠤᠷᠢ᠍ᠭ᠂ ᠤᠨᠤᠪᠴᠢ᠍ᠲᠠᠢ ᠪᠡᠷ ᠶᠠᠳ᠋ᠠᠭᠤ ᠶᠢ ᠳᠡᠳᠬᠦᠬᠦ᠂ ᠠᠮᠢ ᠠᠬᠤᠢ ᠪᠡᠷ ᠨᠡᠬᠦᠯᠭᠡᠨ ᠰᠢ᠍ᠯᠵᠢ᠍ᠬᠦᠯᠬᠦ᠂ ᠰᠤᠶᠤᠯ ᠵᠢᠭᠤᠯᠴᠢ᠍ᠯᠠᠯ᠂ ᠰᠢ᠍ᠨ᠎ᠠ ᠪᠡᠷ ᠭᠦᠭ᠍ᠵᠢ᠍ᠭ᠍ᠰᠡᠨ ᠠᠵᠤ ᠦᠢ᠍ᠯᠡᠰ᠂ᠠᠷᠠᠳ ᠤᠨ ᠠᠮᠢ᠍ᠳ᠋ᠤᠷᠠᠯ ᠤᠨ ᠲᠦ᠋ᠷᠦᠯ ᠵᠦ᠋ᠢ᠍ᠯ ᠵᠡᠷᠭᠡ15 ᠭᠤᠤᠯᠳ᠋ᠠᠯᠭ᠎ᠠ ᠲᠡᠶ ᠲᠦ᠋ᠷᠦᠯ ᠵᠦ᠋ᠢ᠍ᠯ ᠢ ᠲᠤᠬᠠᠢ ᠶᠢᠨ ᠲᠠᠯᠠᠪᠤᠷ ᠲᠤ ᠨᠢ ᠪᠠᠢ᠌ᠴᠠᠭᠠᠨ ᠦᠵᠡᠵᠤ᠂ ᠪᠦᠬᠦ ᠬᠤᠰᠢ᠍ᠭᠤᠨ ᠤ ᠴᠢ᠍ᠬᠤᠯᠨ ᠶᠡᠭᠡ ᠲᠦ᠋ᠷᠦᠯ ᠵᠦ᠋ᠢ᠍ᠯ ᠦᠨ ᠪᠦᠲᠦᠭᠡᠨ ᠪᠠᠢ᠌ᠭᠤᠯᠤᠯᠳ᠋ᠠ ᠶᠢᠨ ᠡᠯ᠎ᠠ ᠬᠦᠷᠢ᠍ᠶ᠎ᠠ ᠬᠡᠪᠴᠢ᠍ᠶᠠ ᠶᠢ ᠦᠨᠳ᠋ᠦᠰᠦᠨ ᠳᠤ ᠨᠢ ᠬᠠᠮᠤᠷᠤᠭᠰᠠᠨ ᠪᠠᠢ᠌ᠨ᠎ᠠ᠃ ᠲᠤᠭᠤᠷᠢ᠍ᠨ ᠪᠠᠢ᠌ᠴᠠᠭᠠᠬᠤ ᠪᠡᠷ ᠲᠠᠮᠵᠢ᠍ᠨ᠂ ᠲᠦ᠋ᠯᠦᠭᠡᠯᠡᠭ᠍ᠴᠢ᠍ᠳ ᠡᠴᠡ ᠮᠠᠨ ᠤ ᠬᠤᠰᠢ᠍ᠭᠤᠨ ᠤ ᠲᠦ᠋ᠷᠦᠯ ᠵᠦ᠋ᠢ᠍ᠯ ᠦᠨ ᠪᠦᠲᠦᠭᠡᠨ ᠪᠠᠢ᠌ᠭᠤᠯᠤᠯᠳ᠋ᠠ ᠶᠢᠨ ᠠᠬᠢᠴᠠ ᠶᠢᠨ ᠪᠠᠢ᠌ᠳ᠋ᠠᠯ᠂ ᠭᠤᠷᠪᠠᠨ ᠶᠡᠭᠡ ᠪᠡᠬᠢᠯᠡᠯᠳ᠋ᠡ ᠰᠢ᠍ᠪᠲᠤᠯᠬᠤ ᠳᠠᠢ᠌ᠯᠠᠯᠳ᠋ᠤᠭᠠᠨ ᠤ ᠬᠡᠷᠡᠭ᠍ᠵᠢ᠍ᠭᠦᠯᠦᠯᠳ᠋ᠡ ᠶᠢᠨ ᠪᠠᠢ᠌ᠳ᠋ᠠᠯ᠂ ᠡᠯ᠎ᠠ ᠲᠦ᠋ᠷᠦᠯ ᠦᠨ ᠠᠷᠠᠳ ᠤᠨ ᠬᠠᠷᠠᠭᠠᠯᠵᠡᠯᠡᠯ ᠤᠨ ᠲᠦ᠋ᠷᠦ ᠶᠢᠨ ᠪᠤᠳ᠋ᠤᠯᠭ᠎ᠠ ᠶᠢᠨ ᠨᠠᠢ᠌ᠳ᠋ᠠᠪᠦᠷᠢ᠍ᠵᠢ᠍ᠭᠤᠯᠤᠯᠳ᠋ᠠ ᠶᠢᠨ ᠪᠠᠢ᠌ᠳ᠋ᠠᠯ᠂ ᠠᠷᠠᠳ ᠤᠨ ᠠᠮᠢ᠍ᠳ᠋ᠤᠷᠠᠯ ᠤᠨ ᠠᠰᠠᠭᠤᠳ᠋ᠠᠯ ᠪᠠ ᠤᠯᠡᠨ ᠲᠦ᠋ᠮᠡᠨ ᠦ ᠬᠠᠯᠠᠮᠵᠢ᠍ᠯᠡᠵᠤ ᠪᠠᠢ᠌ᠭ᠎ᠠ ᠭᠤᠤᠯᠳ᠋ᠠᠯᠭ᠎ᠠ ᠲᠡᠶ ᠬᠦᠴᠢ᠍ᠷ ᠠᠰᠠᠭᠤᠳ᠋ᠠᠯ ᠵᠢᠴᠢ ᠭᠠᠵᠠᠷ ᠤᠷᠤᠨ ᠤ ᠠᠵᠤ ᠠᠬᠤᠢ ᠨᠡᠢ᠌ᠭᠡᠮ ᠦᠨ ᠬᠦᠭ᠍ᠵᠢ᠍ᠯᠳ᠋ᠡ ᠶᠢᠨ ᠪᠠᠢ᠌ᠳ᠋ᠠᠯ ᠢ ᠨᠠᠷᠢ᠍ᠯᠢ᠍ᠭ ᠤᠢ᠌ᠯᠠᠭᠠᠭᠰᠠᠨ ᠪᠠᠢ᠌ᠨ᠎ᠠ᠃


ᠪᠤᠳ᠋ᠠᠳ᠋ᠠᠢ ᠭᠠᠵᠠᠷ ᠤᠨ ᠲᠤᠭᠤᠷᠢ᠍ᠨ ᠪᠠᠢ᠌ᠴᠠᠭᠠᠯᠳ᠋ᠠ ᠳᠠᠭᠤᠰᠤᠭᠰᠠᠨ ᠤ ᠳᠠᠷᠠᠭ᠎ᠠ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ᠃ ᠬᠤᠰᠢ᠍ᠭᠤᠨ ᠳᠠᠷᠤᠭ᠎ᠠ ᠡᠷᠳᠡᠨᠢᠬᠦᠦ2018 ᠤᠨ ᠤ ᠪᠦᠬᠦ ᠬᠤᠰᠢ᠍ᠭᠤᠨ ᠤ ᠭᠤᠤᠯᠳ᠋ᠠᠯᠭ᠎ᠠ ᠲᠡᠶ ᠠᠵᠢ᠍ᠯ ᠤᠨ ᠭᠦᠢ᠍ᠴᠡᠳᠭᠡᠭ᠍ᠰᠡᠨ ᠪᠠᠢ᠌ᠳ᠋ᠠᠯ ᠢ ᠲᠠᠨᠢᠯᠴᠠᠭᠤᠯᠪᠠ᠃ ᠡᠷᠳᠡᠨᠢᠬᠦᠦ ᠬᠡᠯᠡᠭ᠍ᠰᠡᠨ ᠨᠢ᠂2018 ᠤᠨ ᠳᠤ᠂ ᠮᠠᠨ ᠤ ᠬᠤᠰᠢ᠍ᠭᠤ ᠰᠢ ᠵᠢᠨ ᠫᠢᠩ ᠦᠨ ᠰᠢ᠍ᠨ᠎ᠠ ᠴᠠᠭ ᠦᠶ᠎ᠠ ᠶᠢᠨ ᠲᠤᠮᠳ᠋ᠠᠳ᠋ᠤ ᠤᠯᠤᠰ ᠤᠨ ᠤᠨᠴᠠᠯᠢ᠍ᠭ ᠲᠡᠶ ᠨᠡᠢ᠌ᠭᠡᠮ ᠵᠢᠷᠦᠮ ᠦᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢ᠍ᠰᠦᠳ᠋ᠦᠭᠡᠷ ᠶᠡᠭᠡ ᠬᠤᠷᠠᠯ ᠤᠨ ᠵᠤᠷᠢ᠍ᠭ ᠰᠠᠨᠠᠭ᠎ᠠ ᠪᠡᠷ ᠵᠢᠯᠤᠭᠤᠳ᠋ᠤᠯᠭ᠎ᠠ ᠪᠤᠯᠭᠠᠬᠤ ᠶᠢ ᠪᠠᠷᠢ᠍ᠮᠳ᠋ᠠᠯᠠᠨ᠂《ᠲᠠᠪᠤ ᠶᠢ ᠨᠢ᠍ᠭᠡ ᠴᠤᠭᠴᠠᠵᠢ᠍ᠭᠤᠯᠬᠤ》ᠶᠡᠷᠦᠩᠭᠡᠢ ᠪᠠᠢ᠌ᠷᠢ᠍ᠯᠠᠭᠤᠯᠤᠯᠳ᠋ᠠ ᠶᠢ ᠨᠢ᠍ᠭᠡᠳ᠋ᠦᠯᠳ᠋ᠡᠢ ᠲᠦ᠋ᠯᠦᠪᠯᠡᠨ ᠲᠦ᠋ᠯᠬᠢᠨ ᠠᠬᠢᠭᠤᠯᠵᠤ᠂《ᠳᠦ᠋ᠷᠪᠡᠨ ᠪᠦᠬᠦ ᠲᠠᠯ᠎ᠠ》᠋ ᠶᠢᠨ ᠪᠠᠢ᠌ᠯᠳ᠋ᠤᠬᠤ ᠪᠤᠳ᠋ᠤᠯᠭ᠎ᠠ ᠶᠢᠨ ᠪᠠᠢ᠌ᠷᠢ᠍ᠯᠠᠭᠤᠯᠤᠯᠳ᠋ᠠ ᠶᠢ ᠵᠤᠬᠢᠴᠠᠩᠭ᠋ᠤᠢ ᠲᠦ᠋ᠯᠬᠢᠨ ᠠᠬᠢᠭᠤᠯᠵᠤ᠂《ᠭᠤᠷᠪᠠᠨ ᠶᠡᠭᠡ ᠪᠡᠬᠢᠯᠡᠯᠳ᠋ᠡ ᠰᠢ᠍ᠪᠲᠤᠯᠬᠤ ᠳᠠᠢ᠌ᠯᠠᠯᠳ᠋ᠤᠭᠠᠨ》ᠪᠠ ᠠᠵᠤ ᠠᠬᠤᠢ ᠶᠢᠨ ᠦᠨᠳ᠋ᠦᠷ ᠴᠢ᠍ᠨᠠᠷ ᠴᠢ᠍ᠨᠰᠠᠭᠠᠳ᠋ᠤ ᠬᠦᠭ᠍ᠵᠢ᠍ᠯᠳ᠋ᠡ ᠳᠤ ᠠᠩᠬᠠᠷᠤᠯ ᠬᠦᠴᠦᠨ ᠢᠶᠠᠨ ᠲᠦ᠋ᠪᠯᠡᠷᠡᠭᠦᠯᠦᠨ᠂ ᠲᠤᠭᠳ᠋ᠠᠭᠤᠨ ᠨᠡᠮᠡᠭ᠍ᠳ᠋ᠡᠯ᠂ᠦᠭᠡᠷᠡᠴᠢ᠍ᠯᠡᠯᠳ᠋ᠡ ᠶᠢ ᠠᠬᠢᠭᠤᠯᠬᠤ᠂ ᠪᠦᠲᠦᠴᠡ ᠶᠢᠨ ᠲᠤᠬᠢᠷᠠᠭᠤᠯᠤᠯᠳ᠋ᠠ᠂ ᠠᠷᠠᠳ ᠤᠨ ᠠᠮᠢ᠍ᠳ᠋ᠤᠷᠠᠯ ᠤᠨ ᠬᠠᠷᠠᠭᠠᠯᠵᠡᠯᠡᠯ᠂ ᠲᠦ᠋ᠭ᠍ᠰᠢ᠍ᠭᠦᠷᠢ ᠶᠢ ᠰᠡᠷᠭᠡᠢ᠌ᠯᠡᠬᠦ ᠡᠯ᠎ᠠ ᠲᠦ᠋ᠷᠦᠯ ᠦᠨ ᠠᠵᠢ᠍ᠯ ᠢ ᠨᠢ᠍ᠭᠡᠳ᠋ᠦᠯᠳ᠋ᠡᠢ ᠲᠦ᠋ᠯᠬᠢᠨ ᠠᠬᠢᠭᠤᠯᠵᠤ᠂ ᠪᠦᠬᠦ ᠬᠤᠰᠢ᠍ᠭᠤᠨ ᠤ ᠠᠵᠤ ᠠᠬᠤᠢ ᠨᠡᠢ᠌ᠭᠡᠮ ᠤᠨ ᠲᠤᠭᠳ᠋ᠠᠭᠤᠨ ᠡᠷᠡᠭᠦᠯ ᠭᠦᠭ᠍ᠵᠢ᠍ᠯᠳ᠋ᠡ ᠶᠢᠨ ᠬᠠᠨᠳ᠋ᠦᠰᠢ ᠶᠢ ᠪᠠᠳ᠋ᠤᠯᠠᠭᠰᠠᠨ ᠪᠠᠢ᠌ᠨ᠎ᠠ ᠭᠡᠵᠡᠢ᠃
ᠠᠵᠢ᠍ᠯ ᠤᠨ ᠬᠠᠷᠢ᠍ᠭᠤ ᠮᠡᠳ᠋ᠡᠬᠦᠯᠦᠯᠳ᠋ᠡ ᠶᠢ ᠰᠤᠨᠤᠰᠤᠭᠰᠠᠨ ᠤ ᠳᠠᠷᠠᠭ᠎ᠠ᠂ ᠠᠷᠠᠳ ᠤᠨ ᠲᠦ᠋ᠯᠦᠭᠡᠯᠡᠭ᠍ᠴᠢ᠍ᠳ ᠡᠴᠡ ᠮᠠᠨ ᠤ ᠬᠤᠰᠢ᠍ᠭᠤᠨ ᠤ ᠤᠯᠤᠭᠰᠠᠨ ᠠᠮᠵᠢ᠍ᠯᠳ᠋ᠡ ᠶᠢ ᠬᠦᠢ᠍ᠴᠡᠳ ᠨᠤᠳ᠋ᠡᠯᠠᠵᠤ᠂ᠤᠷᠤᠰᠢ᠍ᠵᠤ ᠪᠠᠢ᠌ᠭ᠎ᠠ ᠠᠰᠠᠭᠤᠳ᠋ᠠᠯ ᠪᠤᠯᠤᠨ ᠬᠦᠷᠦᠯᠴᠡᠬᠦ ᠦᠭᠡᠶ ᠲᠠᠯ᠎ᠠ ᠶᠢ ᠨᠢ ᠨᠠᠷᠢ᠍ᠯᠢ᠍ᠭ ᠵᠢᠭᠠᠵᠤ ᠭᠠᠷᠭᠠᠬᠤ ᠶᠢᠨ ᠬᠠᠮᠳ᠋ᠤ ᠦᠭ᠍ᠴᠡᠭᠡ ᠶᠢ ᠠᠷᠢ᠍ᠯᠭᠠᠬᠤ᠂ ᠤᠷᠴᠢ᠍ᠨ ᠲᠤᠭᠤᠷᠢ᠍ᠨ ᠤ ᠴᠡᠭ᠍ᠴᠡᠯᠡᠯᠳ᠋ᠡ᠂ ᠬᠤᠳ᠋ᠠ ᠪᠠᠯᠭᠠᠰᠤ ᠶᠢᠨ ᠪᠦᠲᠦᠭᠡᠨ ᠪᠠᠢ᠌ᠭᠤᠯᠤᠯᠳ᠋ᠡ᠂ ᠠᠷᠠᠳ ᠤᠨ ᠠᠮᠢ᠍ᠳ᠋ᠤᠷᠠᠯ ᠤᠨ ᠪᠠᠳ᠋ᠤᠯᠠᠭ᠎ᠠ᠂ᠬᠤᠳ᠋ᠠᠯᠳ᠋ᠤᠭᠠᠴᠢ᠍ᠨ ᠤᠷᠢ᠍ᠵᠤ ᠪᠡᠯᠨ ᠤᠷᠤᠭᠤᠯᠬᠤ᠂ ᠮᠠᠯ ᠲᠠᠷᠢ᠍ᠶᠠᠯᠠᠩ ᠤᠨ ᠦᠢ᠍ᠯᠡᠰ ᠦᠨ ᠭᠦᠭ᠍ᠵᠢ᠍ᠯᠳ᠋ᠡ ᠵᠡᠷᠭᠡ ᠳᠠᠯ᠎ᠠ ᠳᠤ ᠰᠠᠢ᠌ᠨ ᠰᠠᠨᠠᠯ ᠵᠦ᠋ᠪᠯᠡᠯᠭᠡ ᠲᠤᠷᠠᠳ᠋ᠤᠭᠰᠠᠨ ᠪᠠᠢ᠌ᠨ᠎ᠠ᠃