ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠲᠤᠰᠬᠠᠢ ᠰᠡᠳ᠋ᠤᠪᠳ᠋ᠤ ᠬᠤᠷᠠᠯ ᠬᠤᠷᠠᠯᠳ᠋ᠤᠭᠤᠯᠵᠤ ᠤᠢ᠌ᠷ᠎ᠠ ᠶᠢᠨ ᠬᠤᠭᠤᠴᠠᠭᠠᠨ ᠤ ᠨᠠᠮ ᠤᠨ ᠪᠦᠳ᠋ᠤᠭᠡᠨ ᠪᠠᠢ᠌ᠭᠤᠯᠤᠯᠳ᠋ᠠ ᠶᠢᠨ ᠠᠵᠢ᠍ᠯ ᠢ ᠰᠤᠳ᠋ᠤᠯᠤᠨ ᠪᠠᠢ᠌ᠷᠢ᠍ᠯᠠᠭᠤᠯᠤᠭᠰᠠᠨ
1 ᠰᠠᠷ᠎ᠠ ᠶᠢᠨ 8᠋ ᠤ ᠡᠳ᠋ᠤᠷ ᠤᠨ ᠦᠳ᠋ᠡ ᠶᠢᠨ ᠡᠮᠤᠨ᠎ᠠ᠂ ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠲᠤᠰᠬᠠᠢ ᠰᠡᠳ᠋ᠤᠪᠳ᠋ᠤ ᠬᠤᠷᠠᠯ ᠬᠤᠷᠠᠯᠳ᠋ᠤᠭᠤᠯᠵᠤ᠂ ᠤᠢ᠌ᠷ᠎ᠠ ᠶᠢᠨ ᠬᠤᠭᠤᠴᠠᠭᠠᠨ ᠤ ᠨᠠᠮ ᠤᠨ ᠪᠦᠳ᠋ᠤᠭᠡᠨ ᠪᠠᠢ᠌ᠭᠤᠯᠤᠯᠳ᠋ᠠ ᠶᠢᠨ ᠠᠵᠢ᠍ᠯ ᠢ ᠰᠤᠳ᠋ᠤᠯᠤᠨ ᠪᠠᠢ᠌ᠷᠢ᠍ᠯᠠᠭᠤᠯᠪᠠ᠃ ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠪᠠᠶᠠᠨᠰᠠᠩ ᠬᠤᠷᠠᠯ ᠡᠷᠬᠢᠯᠡᠵᠤ᠂ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠪᠦᠷᠢ᠍ᠯᠳ᠋ᠤᠬᠦᠨ ᠭᠡᠰᠢ᠍ᠬᠦᠨ ᠬᠤᠷᠠᠯ ᠳᠤ ᠤᠷᠤᠯᠴᠠᠨ᠂ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭ᠍ᠴᠢ ᠪᠦ᠋ ᠮᠤᠤ ᠰᠢ᠍ᠶᠠᠩ᠂ ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠪᠠᠢ᠌ᠭᠤᠯᠭ᠎ᠠ ᠳᠤ ᠲᠤᠮᠢ᠍ᠯᠨᠨ ᠰᠠᠭᠤᠭ᠎ᠠ ᠰᠠᠬᠢᠯᠭ᠎ᠠ ᠪᠠᠳ᠋ᠤ ᠪᠠᠢ᠌ᠴᠠᠭᠠᠬᠤ ᠲᠤᠭᠤᠢ᠌ᠯᠠᠩ ᠤᠨ ᠲᠠᠷᠤᠭ᠎ᠠ ᠠᠨ ᠵᠢᠨ ᠶᠢ᠍ᠤ ᠬᠤᠷᠠᠯ ᠳᠤ ᠰᠤᠯᠨ ᠤᠷᠤᠯᠴᠠᠪᠠ᠃




ᠬᠤᠷᠠᠯ ᠲᠠᠭᠡᠷ᠎ᠠ᠂ ᠪᠠᠶᠠᠨᠰᠠᠩ ᠡᠴᠨ《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠷᠤᠤᠨ ᠬᠤᠰᠢ᠍ᠭᠤᠨ ᠤ ᠬᠤᠷᠢ᠍ᠶ᠎ᠠ ᠶᠢᠨ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢ᠍ᠶ᠎ᠠ ᠶᠢᠨ ᠲᠠᠪᠤᠳ᠋ᠤᠭᠠᠷ ᠲᠤᠭᠤᠷᠢ᠍ᠨ ᠪᠠᠢ᠌ᠴᠠᠭᠠᠬᠤ ᠲᠤᠭᠤᠢ᠌ᠯᠠᠩ ᠤᠨ ᠲᠤᠭᠤᠷᠢ᠍ᠨ ᠪᠠᠢ᠌ᠴᠠᠭᠠᠵᠤ ᠬᠠᠷᠢ᠍ᠭᠤ ᠲᠤᠰᠬᠠᠭᠰᠨᠨ ᠴᠡᠭ᠍ᠴᠡᠯᠨᠨ ᠦᠭᠡᠷᠡᠴᠢ᠍ᠯᠡᠬᠦ ᠰᠠᠨᠠᠯ ᠢ ᠨᠠᠢ᠌ᠳ᠋ᠠᠪᠤᠷᠢ᠍ᠵᠢ᠍ᠭᠤᠯᠬᠤ ᠲᠤᠬᠠᠢ ᠲᠦ᠋ᠰᠤᠯ》᠂ ᠰᠢ ᠵᠢᠨ ᠫᠢᠩ ᠶᠡᠷᠤᠩᠭᠡᠢ ᠱᠦ᠋ᠵᠢ ᠶᠢᠨ ᠲᠤᠭᠤᠷᠢ᠍ᠨ ᠪᠠᠢ᠌ᠴᠠᠭᠠᠭᠰᠨᠨ ᠠᠵᠢ᠍ᠯ ᠤᠨ ᠴᠢ᠍ᠬᠤᠯᠨ ᠦᠬᠦᠯᠨᠨ ᠲᠤᠭᠠᠴᠢ᠍ᠯᠳ᠋ᠠ ᠪᠤᠯᠤᠨ ᠨᠠᠮ ᠤᠨ ᠲᠦ᠋ᠪ ᠬᠤᠷᠢ᠍ᠶ᠎ᠠ᠂ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢ᠍ᠶ᠎ᠠ᠂ ᠲᠦ᠋ᠩᠯᠢ᠍ᠶᠤᠤ ᠬᠤᠳ᠋ᠠ ᠶᠢᠨ ᠨᠠᠮ ᠤᠨ ᠬᠤᠷᠢ᠍ᠶ᠎ᠠ ᠶᠢᠨ ᠲᠤᠭᠤᠷᠢ᠍ᠨ ᠪᠠᠢ᠌ᠴᠠᠭᠠᠠᠭᠰᠨᠨ ᠠᠵᠢ᠍ᠯ ᠤᠨ ᠬᠤᠯᠪᠤᠭᠳ᠋ᠠᠯ ᠪᠦᠬᠦᠢ ᠱᠠᠭᠠᠷᠳ᠋ᠠᠯᠭ᠎ᠠ ᠶᠢ ᠤᠯᠠᠮᠵᠢ᠍ᠯᠨᠨ ᠰᠤᠷᠤᠯᠴᠠᠭᠰᠨᠨ ᠪᠠᠢ᠌ᠨ᠎ᠠ᠃
ᠬᠤᠷᠠᠯ ᠲᠠᠭᠡᠷ᠎ᠠ᠂ ᠪᠠᠢ᠌ᠩᠭ᠋ᠤ ᠶᠢᠨ ᠬᠤᠷᠢ᠍ᠶ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠡᠴᠨ ᠪᠠᠢ᠌ᠭᠤᠯᠭ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠵᠢᠴᠢ ᠨᠠᠮ ᠤᠨ ᠡᠬᠦᠷ ᠤᠨ ᠨᠢ᠍ᠭᠡᠳ᠋ᠤᠭᠡᠷ ᠤᠯᠠᠷᠢ᠍ᠯ ᠤᠨ ᠨᠠᠮ ᠤᠨ ᠪᠦᠳ᠋ᠤᠭᠡᠨ ᠪᠠᠢ᠌ᠭᠤᠯᠤᠯᠳ᠋ᠠ ᠶᠢᠨ ᠠᠵᠢ᠍ᠯ ᠤᠨ ᠲᠤᠬᠢᠷᠠᠭᠤᠯᠤᠨ ᠪᠠᠢ᠌ᠷᠢ᠍ᠯᠠᠭᠤᠯᠤᠭᠰᠨᠨ ᠪᠠᠢ᠌ᠳ᠋ᠠᠯ ᠢ ᠰᠤᠨᠤᠰᠪᠠ᠃ ᠪᠠᠶᠠᠨᠰᠠᠩ ᠱᠠᠭᠠᠷᠳ᠋ᠠᠭᠰᠨᠨ ᠨᠢ᠂ ᠬᠤᠰᠢ᠍ᠭᠤᠨ ᠤ ᠨᠠᠮ ᠤᠨ ᠬᠤᠷᠢ᠍ᠶ᠎ᠠ ᠶᠢᠨ ᠨᠠᠮ ᠤᠨ ᠪᠦᠳ᠋ᠤᠭᠡᠨ ᠪᠠᠢ᠌ᠭᠤᠯᠤᠯᠳ᠋ᠠ ᠶᠢᠨ ᠠᠵᠢ᠍ᠯ ᠤᠨ ᠱᠠᠭᠠᠷᠳ᠋ᠠᠯᠭ᠎ᠠ ᠶᠤᠰᠤᠭᠠᠷ᠂ ᠨᠠᠮ ᠤᠨ ᠪᠦᠳ᠋ᠤᠭᠡᠨ ᠪᠠᠢ᠌ᠭᠤᠯᠤᠯᠳ᠋ᠠ ᠶᠢᠨ ᠠᠵᠢ᠍ᠯ ᠢ ᠴᠢ᠍ᠬᠤᠯᠨ ᠠᠵᠢ᠍ᠯ ᠤᠨ ᠶᠠᠪᠤᠴᠨ ᠳ᠋ᠥ ᠤᠷᠤᠭᠤᠯᠵᠤ᠂ ᠪᠦᠬᠦ ᠲᠠᠯ᠎ᠠ ᠡᠴᠨ ᠪᠤᠳ᠋ᠤᠯᠬᠢᠯᠠᠨ᠂ ᠨᠢ᠍ᠭᠡᠳ᠋ᠤᠯᠳ᠋ᠠᠢ ᠲᠤᠬᠢᠷᠠᠭᠤᠯᠵᠤ᠂ ᠨᠠᠮ ᠤᠨ ᠲᠤᠳ᠋ᠤᠭᠠᠳ᠋ᠤ ᠳ᠋ᠡᠬᠢ ᠤᠯᠤᠰ ᠲᠦ᠋ᠷᠤ ᠶᠢᠨ ᠠᠮᠢ᠍ᠳ᠋ᠤᠷᠠᠯ ᠤᠨ ᠲᠦ᠋ᠷᠢ᠍ᠮ ᠢ ᠦᠨᠡᠨᠬᠦ ᠨᠠᠢ᠌ᠳ᠋ᠠᠪᠤᠷᠢ᠍ᠵᠢ᠍ᠭᠤᠯᠤᠨ᠂ ᠠᠵᠢ᠍ᠯ ᠤᠨ ᠲᠦ᠋ᠯᠤᠪᠯᠡᠭᠡ ᠶᠤᠰᠤᠭᠠᠷ᠂ ᠪᠠᠢ᠌ᠭᠤᠯᠭ᠎ᠠ ᠶᠢᠨ ᠨᠠᠮ ᠤᠨ ᠪᠦᠳ᠋ᠤᠭᠡᠨ ᠪᠠᠢ᠌ᠭᠤᠯᠤᠯᠳ᠋ᠠ ᠶᠢᠨ ᠡᠯ᠎ᠠ ᠲᠦ᠋ᠷᠤᠯ ᠤᠨ ᠠᠵᠢ᠍ᠯ ᠢ ᠯᠠᠪᠳ᠋ᠠᠭᠤᠨ ᠪᠠᠳ᠋ᠤᠳ᠋ᠠᠢ ᠬᠢᠬᠦ ᠭᠡᠷᠡᠭ᠍ᠳ᠋ᠡᠢ ᠭᠡᠵᠡᠢ᠃
ᠬᠤᠷᠠᠯ ᠲᠠᠭᠡᠷ᠎ᠠ᠂ ᠪᠠᠶᠠᠨᠰᠠᠩ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠪᠦᠬᠦ ᠪᠦᠷᠢ᠍ᠯᠳ᠋ᠤᠬᠦᠨ ᠭᠡᠰᠢ᠍ᠬᠦᠨ ᠢ ᠵᠤᠬᠢᠶᠠᠨ ᠪᠠᠢ᠌ᠭᠤᠯᠵᠤ᠂《ᠰᠢ᠍ᠨ᠎ᠠ ᠪᠠᠢ᠌ᠳ᠋ᠠᠯ ᠲᠤᠤᠷᠠᠬᠢ ᠨᠠᠮ ᠤᠨ ᠲᠤᠳ᠋ᠤᠭᠠᠳ᠋ᠤ ᠳ᠋ᠡᠬᠢ ᠤᠯᠤᠰ ᠲᠦ᠋ᠷᠤ ᠶᠢᠨ ᠠᠮᠢ᠍ᠳ᠋ᠤᠷᠠᠯ ᠤᠨ ᠲᠤᠬᠠᠢ ᠪᠠᠷᠢ᠍ᠮᠵᠢ᠍ᠶ᠎ᠠ ᠨᠤᠭᠤᠤᠨ》《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠲᠤᠳ᠋ᠤᠭᠠᠳ᠋ᠤ ᠳ᠋ᠡᠬᠢ ᠬᠢᠨᠠᠯᠳ᠋ᠠ ᠶᠢᠨ ᠲᠦ᠋ᠷᠢ᠍ᠮ》《ᠬᠤᠰᠢ᠍ᠭᠤ ᠱᠠᠳ᠋ᠤᠨ ᠡᠴᠨ ᠲᠠᠭᠡᠭ᠍ᠰᠢ᠍ᠬᠢ ᠨᠠᠮ ᠪᠤᠯᠤᠨ ᠤᠯᠤᠰ ᠤᠨ ᠪᠠᠢ᠌ᠭᠤᠯᠭ᠎ᠠ ᠶᠢᠨ ᠨᠠᠮ ᠤᠨ ᠭᠡᠰᠢ᠍ᠬᠦᠨ ᠤᠳ᠋ᠤᠷᠢ᠍ᠳ᠋ᠤᠯᠭ᠎ᠠ ᠺᠠᠳ᠋ᠷ ᠤᠨ ᠠᠷᠠᠳᠴᠢ᠍ᠯᠠᠯ ᠤᠨ ᠠᠮᠢ᠍ᠳ᠋ᠤᠷᠠᠯ ᠤᠨ ᠲᠤᠭᠳ᠋ᠠᠭᠠᠯ》᠂ ᠬᠦᠭᠡᠬᠤᠳ᠋ᠠ ᠶᠢᠨ ᠴᠢ᠍ᠩ ᠱᠦ᠋ᠢ ᠡᠾᠸ ᠰᠢ᠍ᠶᠠᠨ ᠤ ᠨᠠᠮ ᠤᠨ ᠲᠤᠳ᠋ᠤᠭᠠᠳ᠋ᠤ ᠳ᠋ᠡᠬᠢ ᠤᠯᠤᠰ ᠲᠦ᠋ᠷᠤ ᠶᠢᠨ ᠠᠮᠢ᠍ᠳ᠋ᠤᠷᠠᠯ ᠲᠦ᠋ᠪ ᠪᠤᠰᠤ ᠭᠡᠷᠡᠭ᠌ ᠤᠴᠢ᠍ᠷ ᠵᠡᠷᠭᠡ ᠠᠭᠤᠯᠭ᠎ᠠ ᠶᠢ ᠨᠠᠷᠢ᠍ᠨ ᠬᠢᠨᠠᠮᠠᠭᠠᠢ ᠰᠤᠷᠤᠯᠴᠠᠠ᠂ ᠤᠯᠤᠰ ᠲᠦ᠋ᠷᠤ ᠶᠢᠨ ᠵᠤᠭᠰᠤᠴᠨ ᠪᠠᠨ ᠤᠯᠠᠮ ᠨᠢ᠍ᠭᠡ ᠠᠯᠬᠤᠮ ᠲᠠᠭᠡᠭ᠍ᠰᠢ᠍ᠯᠡᠬᠦᠯᠵᠤ᠂ ᠦᠵᠡᠯ ᠰᠠᠨᠠᠭ᠎ᠠ ᠲᠠᠨᠢ᠍ᠯᠳ᠋ᠠ ᠪᠠᠨ ᠬᠦᠨᠵᠡᠭᠡᠢ᠌ᠷᠡᠬᠦᠯᠤᠨ᠂ ᠠᠷᠠᠳᠴᠢ᠍ᠯᠠᠯ ᠤᠨ ᠠᠮᠢ᠍ᠳ᠋ᠤᠷᠠᠯ ᠤᠨ ᠬᠤᠷᠠᠯ ᠢ ᠰᠠᠢ᠌ᠨ ᠬᠢᠬᠦ ᠳᠤ ᠪᠠᠳ᠋ᠤ ᠪᠡᠬᠢ ᠦᠵᠡᠯ ᠰᠠᠨᠠᠭᠠᠨ ᠤ ᠰᠠᠭᠤᠷᠢ ᠶᠢ ᠲᠠᠯᠪᠢᠬᠤ ᠭᠡᠷᠡᠭ᠍ᠳ᠋ᠡᠢ ᠭᠡᠵᠡᠢ᠃
ᠪᠠᠶᠠᠨᠰᠠᠩ ᠱᠠᠭᠠᠷᠳ᠋ᠠᠭᠰᠨᠨ ᠨᠢ᠂ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠭᠡᠰᠢ᠍ᠬᠦᠨ《ᠲᠦ᠋ᠷᠪᠡ ᠶᠢ ᠡᠷᠭᠡᠪᠰᠢ ᠶᠠᠷᠢ᠍ᠯᠴᠠᠬᠤ》ᠵᠠᠷᠴᠢ᠍ᠮ ᠶᠤᠰᠤᠭᠠᠷ᠂ ᠠᠷᠠᠳᠴᠢ᠍ᠯᠠᠯ ᠤᠨ ᠠᠮᠢ᠍ᠳ᠋ᠤᠷᠠᠯ ᠤᠨ ᠬᠤᠷᠠᠯ ᠤᠨ ᠬᠠᠷᠢ᠍ᠯᠴᠠᠨ ᠶᠠᠷᠢ᠍ᠯᠴᠠᠭ᠎ᠠ ᠬᠢᠬᠦ ᠶᠢ ᠯᠠᠪᠳ᠋ᠠᠭᠤᠨ ᠪᠠᠳ᠋ᠤᠳ᠋ᠠᠢ ᠦᠷᠨᠢᠬᠦᠯᠵᠤ᠂ ᠠᠵᠢ᠍ᠯ ᠤᠨ ᠪᠤᠳ᠋ᠠᠳ᠋ᠠᠢ ᠲᠡᠶ ᠤᠶᠠᠯᠳ᠋ᠤᠭᠤᠯᠤᠨ᠂ ᠠᠷᠠᠳᠴᠢ᠍ᠯᠠᠯ ᠤᠨ ᠠᠮᠢ᠍ᠳ᠋ᠤᠷᠠᠯ ᠤᠨ ᠬᠤᠷᠠᠯ ᠤᠨ ᠭᠤᠤᠯ ᠰᠡᠳ᠋ᠤᠪ ᠲᠡᠶ ᠬᠠᠷᠭᠤᠭᠤᠯᠵᠤ᠂ ᠦᠵᠡᠯ ᠰᠠᠨᠠᠭ᠎ᠠ᠂ ᠤᠯᠤᠰ ᠲᠦ᠋ᠷᠤ ᠶᠢᠨ ᠲᠠᠯ᠎ᠠ ᠪᠠᠷ ᠵᠦ᠋ᠷᠢ᠍ᠶᠠ ᠪᠠᠨ ᠡᠷᠢ᠍ᠨ᠂ ᠬᠠᠷᠭᠤᠭᠤᠯᠬᠤ ᠪᠠᠢ᠌ᠴᠠᠭᠠᠯᠳ᠋ᠠ ᠶᠢ ᠨᠠᠷᠢ᠍ᠨ ᠬᠢᠨᠠᠮᠠᠭᠠᠢ ᠬᠢᠬᠦ ᠭᠡᠷᠡᠭ᠍ᠳ᠋ᠡᠢ᠃ ᠨᠠᠮ ᠤᠨ ᠤᠳ᠋ᠤᠷᠢ᠍ᠳᠬᠤ ᠲᠤᠭᠤᠢ᠌ᠯᠠᠩ ᠡᠴᠨ ᠨᠠᠮ ᠤᠨ ᠪᠦᠳ᠋ᠤᠭᠡᠨ ᠪᠠᠢ᠌ᠭᠤᠯᠤᠯᠳ᠋ᠠ ᠶᠢᠨ ᠤᠳ᠋ᠤᠷᠢ᠍ᠳ᠋ᠤᠯᠭ᠎ᠠ ᠪᠠᠨ ᠴᠢ᠍ᠩᠭ᠋ᠠᠳᠬᠠᠵᠤ᠂ 2019 ᠤᠨ ᠤ ᠨᠠᠮ ᠤᠨ ᠪᠦᠳ᠋ᠤᠭᠡᠨ ᠪᠠᠢ᠌ᠭᠤᠯᠤᠯᠳ᠋ᠠ ᠶᠢᠨ ᠠᠵᠢ᠍ᠯ ᠵᠢᠴᠢ ᠨᠠᠮ ᠤᠨ ᠠᠷᠢ᠍ᠭᠤᠨ ᠴᠢ᠍ᠭᠡᠴᠢ ᠪᠠᠷ ᠵᠠᠰᠠᠭ ᠪᠠᠷᠢ᠍ᠬᠤ ᠪᠦᠳ᠋ᠤᠭᠡᠨ ᠪᠠᠢ᠌ᠭᠤᠯᠤᠯᠳ᠋ᠠ ᠶᠢᠨ ᠠᠵᠢ᠍ᠯ ᠢ ᠨᠢ᠍ᠭᠡᠳ᠋ᠤᠯᠳ᠋ᠠᠢ ᠲᠦ᠋ᠯᠤᠪᠯᠡᠵᠤ ᠲᠤᠬᠢᠷᠠᠭᠤᠯᠤᠨ᠂ ᠰᠢ᠍ᠨ᠎ᠠ ᠤᠨ ᠤ ᠠᠵᠢ᠍ᠯ ᠶᠢᠡᠨ ᠨᠠᠷᠢ᠍ᠨ ᠬᠢᠨᠠᠮᠠᠭᠠᠢ ᠰᠠᠢ᠌ᠳ᠋ᠤᠷ ᠡᠬᠢᠯᠡᠬᠦᠯᠬᠦ ᠭᠡᠷᠡᠭ᠍ᠳ᠋ᠡᠢ ᠭᠡᠵᠡᠢ᠃