ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠵᠠᠷᠤᠤᠨ ᠬᠤᠰᠢ᠍ᠭᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠠᠢ ᠲᠦ᠋ᠷᠤᠯ ᠵᠤᠢ᠌ᠯ ᠢ ᠠᠷᠠᠳ ᠤᠨ ᠲᠦ᠋ᠯᠤᠭᠡᠯᠡᠭ᠍ᠴᠢ ᠪᠠᠷ ᠪᠢᠯᠸᠲ ᠦᠭ᠍ᠬᠦ ᠲᠦ᠋ᠷᠢ᠍ᠮ ᠤᠨ ᠠᠵᠢ᠍ᠯ ᠤᠨ ᠪᠠᠢ᠌ᠷᠢ᠍ᠯᠠᠭᠤᠯᠤᠯᠳ᠋ᠠ ᠶᠢᠨ ᠬᠤᠷᠠᠯ ᠬᠤᠷᠠᠯᠳ᠋ᠤᠭᠰᠨᠨ ᠨᠢ
12 ᠰᠠᠷ᠎ᠠ ᠶᠢᠨ11᠋ ᠤ ᠡᠳ᠋ᠤᠷ᠂ ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠲᠤᠰᠬᠠᠢ ᠰᠡᠳ᠋ᠤᠪᠳ᠋ᠤ ᠬᠤᠷᠠᠯ ᠬᠤᠷᠠᠯᠳ᠋ᠤᠭᠤᠯᠵᠤ᠂ ᠠᠷᠠᠳ ᠤᠨ ᠠᠮᠢ᠍ᠳ᠋ᠤᠷᠠᠯ ᠤᠨ ᠪᠤᠳ᠋ᠠᠳ᠋ᠠᠢ ᠲᠦ᠋ᠷᠤᠯ ᠵᠤᠢ᠌ᠯ ᠢ ᠠᠷᠠᠳ ᠤᠨ ᠲᠦ᠋ᠯᠤᠭᠡᠯᠡᠭ᠍ᠴᠢ ᠪᠠᠷ ᠪᠢᠯᠸᠲ ᠦᠭ᠍ᠬᠦ ᠲᠦ᠋ᠷᠢ᠍ᠮ ᠤᠨ ᠬᠠᠮᠢ᠍ᠶ᠎ᠠ ᠪᠦᠬᠦᠢ ᠠᠵᠢ᠍ᠯ ᠢ ᠪᠦᠬᠦ ᠲᠠᠯ᠎ᠠ ᠪᠠᠷ ᠪᠠᠢ᠌ᠷᠢ᠍ᠯᠠᠭᠤᠯᠪᠠ᠃ ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠬᠤᠷᠠᠯ ᠪᠠᠢ᠌ᠩᠭ᠋ᠤ ᠶᠢᠨ ᠬᠤᠷᠢ᠍ᠶ᠎ᠠ ᠶᠢᠨ ᠡᠷᠬᠢᠯᠡᠭ᠍ᠴᠢ ᠪᠠᠶᠠᠨᠰᠠᠩ ᠬᠤᠷᠠᠯ ᠡᠷᠬᠢᠯᠡᠵᠤ᠂ ᠬᠤᠰᠢ᠍ᠭᠤᠨ ᠤ ᠬᠤᠯᠪᠤᠭᠳ᠋ᠠᠯ ᠪᠦᠬᠦᠢ ᠰᠠᠯᠠᠭ᠎ᠠ ᠮᠦ᠋ᠴᠢ᠍ᠷ ᠤᠨ ᠬᠠᠷᠢ᠍ᠭᠤᠴᠠᠯᠭᠠᠳ᠋ᠠᠨ ᠵᠢᠴᠢ ᠠᠩᠬᠠᠳ᠋ᠤᠭᠠᠷ ᠲᠤᠷᠰᠢ᠍ᠯᠳ᠋ᠠ ᠶᠢᠨ ᠴᠡᠭ᠌ ᠤᠨ 5 ᠰᠤᠮᠤ ᠪᠠᠯᠭᠠᠰᠤ ᠶᠢᠨ ᠨᠠᠮ ᠤᠨ ᠬᠤᠷᠢ᠍ᠶ᠎ᠠ ᠶᠢᠨ ᠱᠦ᠋ᠵᠢ 40 ᠢᠯᠡᠬᠦᠤ ᠬᠦᠮᠤᠰ ᠬᠤᠷᠠᠯ ᠳ᠋ᠥ ᠤᠷᠤᠯᠴᠠᠪᠠ᠃


ᠬᠤᠷᠠᠯ ᠲᠠᠭᠡᠷ᠎ᠠ᠂ ᠪᠠᠶᠠᠨᠰᠠᠩ ᠦᠪᠤᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠠᠢ ᠲᠦ᠋ᠷᠤᠯ ᠵᠤᠢ᠌ᠯ ᠢ ᠠᠷᠠᠳ ᠤᠨ ᠲᠦ᠋ᠯᠤᠭᠡᠯᠡᠭ᠍ᠴᠢ ᠪᠠᠷ ᠪᠢᠯᠸᠲ ᠦᠭ᠍ᠬᠦ ᠲᠤᠷᠰᠢ᠍ᠯᠳ᠋ᠠ ᠶᠢᠨ ᠴᠡᠭ᠌ ᠤᠨ ᠠᠵᠢ᠍ᠯ ᠤᠨ ᠪᠠᠢ᠌ᠷᠢ᠍ᠯᠠᠭᠤᠯᠤᠯᠳ᠋ᠠ ᠶᠢᠨ ᠬᠤᠷᠠᠯ ᠤᠨ ᠵᠤᠷᠢ᠍ᠭ ᠰᠠᠨᠠᠭ᠎ᠠ ᠶᠢ ᠤᠯᠠᠮᠵᠢ᠍ᠯᠠᠬᠤ ᠶᠢᠨ ᠬᠠᠮᠳ᠋ᠤ᠂ ᠵᠠᠷᠤᠤᠨ ᠬᠤᠰᠢ᠍ᠭᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠠᠢ ᠲᠦ᠋ᠷᠤᠯ ᠵᠤᠢ᠌ᠯ ᠢ ᠠᠷᠠᠳ ᠤᠨ ᠲᠦ᠋ᠯᠤᠭᠡᠯᠡᠭ᠍ᠴᠢ ᠪᠠᠷ ᠪᠢᠯᠸᠲ ᠦᠭ᠍ᠬᠦ ᠠᠵᠢ᠍ᠯ ᠤᠨ ᠭᠡᠷᠡᠭ᠍ᠵᠢ᠍ᠬᠦᠯᠬᠦ ᠲᠦ᠋ᠰᠤᠯ (ᠶᠠᠷᠢ᠍ᠶᠠᠨ ᠤ ᠨᠤᠤᠷᠠᠭ)᠋ ᠢ ᠰᠤᠳ᠋ᠤᠯᠤᠨ ᠶᠠᠷᠢ᠍ᠯᠴᠠᠪᠠ᠃ ᠬᠤᠷᠠᠯ ᠳ᠋ᠥ ᠤᠷᠤᠯᠴᠠᠭᠰᠠᠳ ᠪᠤᠳ᠋ᠠᠳ᠋ᠠᠢ ᠲᠡᠶ ᠤᠶᠠᠯᠳ᠋ᠤᠭᠤᠯᠤᠨ᠂ ᠲᠦ᠋ᠰᠤᠯ ᠢ ᠢᠳ᠋ᠡᠪᠬᠢᠳ᠋ᠠᠢ ᠶᠠᠷᠢ᠍ᠯᠴᠠᠵᠤ᠂ ᠪᠤᠳ᠋ᠠᠳ᠋ᠠᠢ ᠪᠦᠭᠡᠳ ᠠᠵᠢ᠍ᠯᠯᠠᠭᠠᠨ ᠤ ᠴᠢ᠍ᠨᠠᠷ ᠶᠢᠡᠷ ᠴᠢ᠍ᠩᠭ᠎ᠠ ᠰᠠᠨᠠᠯ ᠰᠠᠨᠠᠭᠤᠯᠭ᠎ᠠ ᠶᠢ ᠲᠤᠷᠠᠳ᠋ᠤᠭᠰᠠᠨ ᠪᠠᠢ᠌ᠨ᠎ᠠ᠃
ᠪᠠᠶᠠᠨᠰᠠᠩ ᠱᠠᠭᠠᠷᠳ᠋ᠠᠭᠰᠨᠨ ᠨᠢ᠂ ᠬᠤᠰᠢ᠍ᠭᠤᠨ ᠤ ᠵᠠᠰᠠᠭ ᠤᠨ ᠤᠷᠳ᠋ᠤᠨ ᠤ ᠬᠠᠮᠢ᠍ᠶ᠎ᠠ ᠪᠦᠬᠦᠢ ᠰᠠᠯᠠᠭ᠎ᠠ ᠮᠦ᠋ᠴᠢ᠍ᠷ ᠪᠤᠯᠤᠨ ᠡᠯ᠎ᠠ ᠲᠤᠷᠰᠢ᠍ᠯᠭ᠎ᠠ ᠶᠢᠨ ᠴᠡᠭ᠌ ᠤᠨ ᠰᠤᠮᠤ ᠪᠠᠯᠭᠠᠰᠤ ᠭᠡᠷᠡᠭ᠍ᠵᠢ᠍ᠬᠦᠯᠬᠦ ᠲᠦ᠋ᠰᠤᠯ ᠤᠨ ᠱᠠᠭᠠᠷᠳ᠋ᠠᠯᠭ᠎ᠠ ᠶᠤᠰᠤᠭᠠᠷ᠂ ᠪᠤᠳ᠋ᠠᠳ᠋ᠠᠢ ᠡᠴᠨ ᠡᠬᠦᠰᠤᠨ᠂ ᠤᠨᠤᠪᠴᠢ᠍ᠳ᠋ᠠᠢ ᠤᠷᠤᠨ ᠲᠤᠭᠳ᠋ᠠᠭᠠᠵᠤ᠂ ᠬᠠᠮᠵᠢ᠍ᠯᠴᠠᠬᠤ ᠶᠢ ᠪᠠᠬᠢᠵᠢ᠍ᠬᠦᠯᠤᠨ᠂ ᠨᠡᠢ᠌ᠯᠡᠮᠡᠯ ᠬᠦᠴᠤᠨ ᠢ ᠪᠦᠷᠢ᠍ᠳ᠋ᠤᠬᠦᠯᠵᠤ᠂ 2019 ᠤᠨ ᠤ ᠠᠷᠠᠳ ᠤᠨ ᠠᠮᠢ᠍ᠳ᠋ᠤᠷᠠᠯ ᠤᠨ ᠢᠨᠵᠸᠨ᠋ᠸᠷᠢᠩ ᠢ ᠠᠷᠠᠳ ᠤᠨ ᠲᠦ᠋ᠯᠤᠭᠡᠯᠡᠭ᠍ᠴᠢ ᠪᠠᠷ ᠪᠢᠯᠸᠲ ᠦᠭ᠍ᠬᠦ ᠲᠦ᠋ᠷᠢ᠍ᠮ ᠤᠨ ᠠᠵᠢ᠍ᠯ ᠢ ᠦᠷᠨᠢᠬᠦᠯᠬᠦ ᠶᠢ ᠬᠦᠴᠤᠳ᠋ᠠᠢ ᠲᠦ᠋ᠯᠬᠢᠨ ᠠᠬᠢᠭᠤᠯᠬᠤ ᠭᠡᠷᠡᠭ᠍ᠳ᠋ᠡᠢ ᠭᠡᠵᠡᠢ᠃ ᠴᠠᠭ ᠶᠢ ᠠᠮᠵᠢ᠍ᠨ᠂ ᠬᠤᠷᠠᠵᠤ ᠴᠤᠭᠯᠠᠭᠤᠯᠬᠤ ᠠᠵᠢ᠍ᠯ ᠶᠢᠡᠨ ᠡᠬᠢᠯᠡᠬᠦᠯᠵᠤ᠂ ᠡᠯ᠎ᠠ ᠰᠠᠨᠠᠯ ᠬᠤᠷᠢ᠍ᠶᠠᠬᠤ ᠵᠠᠮ ᠰᠤᠪᠠᠭ ᠢ ᠨᠡᠪᠳ᠋ᠡᠷᠭᠡᠨ᠂ ᠰᠠᠨᠠᠯ ᠬᠤᠷᠢ᠍ᠶᠠᠬᠤ ᠬᠠᠮᠤᠷᠤᠯᠳ᠋ᠠ ᠶᠢ ᠦᠷᠭᠡᠳᠭᠡᠵᠤ᠂ ᠰᠢ᠍ᠯᠢ᠍ᠳ᠋ᠡᠭ᠌ ᠤᠨ ᠲᠤᠳ᠋ᠤᠷ᠎ᠠ ᠡᠴᠨ ᠰᠢ᠍ᠯᠢ᠍ᠳ᠋ᠡᠭ᠌ ᠢ ᠰᠤᠩᠭ᠋ᠤᠨ᠂ ᠴᠢ᠍ᠳ᠋ᠠᠯ ᠤᠨ ᠬᠢᠷᠢ ᠪᠠᠷ ᠬᠢᠬᠦ ᠠᠵᠢ᠍ᠯ ᠤᠨ ᠵᠠᠷᠴᠢ᠍ᠮ ᠶᠢᠡᠷ᠂ ᠪᠢᠯᠸᠲ ᠦᠭ᠍ᠬᠦ ᠲᠦ᠋ᠷᠤᠯ ᠵᠤᠢ᠌ᠯ ᠢ ᠴᠤᠭᠯᠠᠭᠠᠨ ᠬᠤᠷᠠᠮᠳ᠋ᠤᠭᠤᠯᠬᠤ ᠭᠡᠷᠡᠭ᠍ᠳ᠋ᠡᠢ᠃ ᠤᠬᠠᠭᠤᠯᠤᠯ ᠤᠨ ᠬᠦᠴᠤᠯᠡᠴᠨ ᠪᠠᠨ ᠨᠡᠮᠡᠭ᠍ᠳ᠋ᠡᠬᠦᠯᠵᠤ᠂ ᠪᠦᠬᠦ ᠨᠡᠢ᠌ᠭᠡᠮ ᠤᠨ ᠦᠵᠡᠯᠳ᠋ᠠ ᠲᠠᠨᠢ᠍ᠯᠳ᠋ᠠ᠂ ᠤᠷᠤᠯᠴᠠᠯᠭ᠎ᠠ᠂ ᠲᠠᠮᠵᠢ᠍ᠯᠭᠡ ᠪᠤᠯᠤᠨ ᠠᠷᠠᠳ ᠤᠨ ᠠᠮᠢ᠍ᠳ᠋ᠤᠷᠠᠯ ᠤᠨ ᠪᠤᠳ᠋ᠠᠳ᠋ᠠᠢ ᠲᠦ᠋ᠷᠤᠯ ᠵᠤᠢ᠌ᠯ ᠳ᠋ᠥ ᠠᠷᠠᠳ ᠤᠨ ᠲᠦ᠋ᠯᠤᠭᠡᠯᠡᠭ᠍ᠴᠢ ᠪᠢᠯᠸᠲ ᠦᠭ᠍ᠬᠦ ᠲᠦ᠋ᠷᠢ᠍ᠮ ᠤᠨ ᠠᠵᠢ᠍ᠯ ᠢ ᠲᠦ᠋ᠯᠬᠢᠵᠤ ᠠᠬᠢᠭᠤᠯᠤᠨ᠂ ᠰᠠᠢ᠌ᠨ ᠰᠠᠢ᠌ᠬᠠᠨ ᠨᠡᠢ᠌ᠭᠡᠮ ᠤᠨ ᠶᠠᠷᠢ᠍ᠶ᠎ᠠ ᠭᠡᠯᠡᠯᠴᠡᠭᠡᠨ ᠤ ᠠᠭᠤᠷ ᠠᠮᠢ᠍ᠰᠬᠤᠯ ᠢ ᠴᠢ᠍ᠷᠮᠠᠢ᠌ᠨ ᠪᠤᠢ ᠪᠤᠯᠭᠠᠵᠤ᠂ ᠲᠤᠰ ᠠᠵᠢ᠍ᠯ ᠢ ᠰᠠᠢ᠌ᠳ᠋ᠤᠷ ᠬᠢᠬᠦ ᠶᠢ ᠪᠠᠳ᠋ᠤᠯᠠᠬᠤ ᠭᠡᠷᠡᠭ᠍ᠳ᠋ᠡᠢ ᠭᠡᠵᠡᠢ᠃