ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ᠁
ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠡᠴᠨ ᠰᠤᠮᠤ ᠪᠠᠯᠭᠠᠰᠤ (ᠵᠡᠭᠡᠯᠢ ᠭᠤᠳ᠋ᠤᠮᠵᠢ)᠋ ᠶᠢᠨ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠲᠠᠷᠢ᠍ᠬᠦᠯᠡᠭ᠍ᠴᠢ ᠶᠢ ᠵᠤᠬᠢᠶᠠᠨ ᠪᠠᠢ᠌ᠭᠤᠯᠵᠤ ᠬᠠᠤᠯᠢ ᠴᠠᠭᠠᠵᠨ ᠬᠠᠤᠯᠢ ᠲᠦ᠋ᠷᠢ᠍ᠮ ᠵᠢᠴᠢ ᠲᠤᠬᠠᠢ᠌ᠯᠠᠭᠰᠨᠨ ᠠᠵᠢ᠍ᠯ ᠤᠨ ᠮᠡᠳ᠋ᠡᠯᠭᠡ ᠶᠢᠨ ᠰᠢ᠍ᠯᠭᠠᠯᠳ᠋ᠠ ᠦᠷᠨᠢᠬᠦᠯᠦᠭ᠍ᠰᠨᠨ ᠨᠢ


          1 ᠰᠠᠷ᠎ᠠ ᠶᠢᠨ 21᠋ ᠤ ᠡᠳ᠋ᠤᠷ ᠤᠨ ᠦᠳ᠋ᠡ ᠶᠢᠨ ᠡᠮᠤᠨ᠎ᠠ᠂ ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠡᠴᠨ ᠰᠤᠮᠤ ᠪᠠᠯᠭᠠᠰᠤ (ᠵᠡᠭᠡᠯᠢ ᠭᠤᠳ᠋ᠤᠮᠵᠢ)᠋ ᠶᠢᠨ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠲᠠᠷᠢ᠍ᠬᠦᠯᠡᠭ᠍ᠴᠢ ᠶᠢ ᠵᠤᠬᠢᠶᠠᠨ ᠪᠠᠢ᠌ᠭᠤᠯᠵᠤ ᠬᠠᠤᠯᠢ ᠴᠠᠭᠠᠵᠨ ᠬᠠᠤᠯᠢ ᠲᠦ᠋ᠷᠢ᠍ᠮ ᠵᠢᠴᠢ ᠲᠤᠬᠠᠢ᠌ᠯᠠᠭᠰᠨᠨ ᠠᠵᠢ᠍ᠯ ᠤᠨ ᠮᠡᠳ᠋ᠡᠯᠭᠡ ᠶᠢᠨ ᠰᠢ᠍ᠯᠭᠠᠯᠳ᠋ᠠ ᠶᠠᠪᠤᠭᠳ᠋ᠠᠭᠤᠯᠪᠠ᠃ ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠡᠷᠬᠢᠯᠡᠭ᠍ᠴᠢ ᠪᠠᠶᠠᠨᠰᠠᠩ᠂ ᠨᠠᠷᠢ᠍ᠨ ᠪᠢᠴᠢ᠍ᠭ᠌ ᠤᠨ ᠲᠠᠷᠤᠭ᠎ᠠ ᠯᠢ ᠴᠸᠩ ᠬᠦᠸᠸ ᠰᠢ᠍ᠯᠭᠠᠯᠳ᠋ᠠ ᠡᠴᠨ ᠡᠮᠤᠨᠡᠭᠢ ᠲᠠᠢ᠌ᠴᠢ᠍ᠯᠠᠯᠳ᠋ᠠ ᠬᠢᠬᠦ ᠶᠢᠨ ᠬᠠᠮᠳ᠋ᠤ ᠰᠢ᠍ᠯᠭᠠᠯᠳ᠋ᠠ ᠶᠢᠨ ᠲᠠᠯᠠᠪᠤᠷ ᠢ ᠪᠠᠢ᠌ᠴᠠᠭᠠᠨ ᠦᠵᠡᠪᠡ᠃

      


      


      


      
          ᠰᠤᠮᠤ ᠪᠠᠯᠭᠠᠰᠤ (ᠵᠡᠭᠡᠯᠢ ᠭᠤᠳ᠋ᠤᠮᠵᠢ)᠋ ᠶᠢᠨ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠲᠠᠷᠢ᠍ᠬᠦᠯᠡᠭ᠍ᠴᠢ ᠶᠢᠨ ᠬᠠᠤᠯᠢ ᠴᠠᠭᠠᠵᠨ ᠬᠠᠤᠯᠢ ᠲᠦ᠋ᠷᠢ᠍ᠮ ᠵᠢᠴᠢ ᠲᠤᠬᠠᠢ᠌ᠯᠠᠭᠰᠨᠨ ᠠᠵᠢ᠍ᠯ ᠤᠨ ᠮᠡᠳ᠋ᠡᠯᠭᠡ ᠶᠢᠨ ᠰᠢ᠍ᠯᠭᠠᠯᠳ᠋ᠠ ᠪᠤᠯ ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠡᠴᠨ ᠦᠨᠳ᠋ᠤᠰᠤᠨ ᠱᠠᠳ᠋ᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠠᠵᠢ᠍ᠯ ᠤᠨ ᠬᠢᠨᠠᠯᠳ᠋ᠠ ᠪᠤᠯᠤᠨ ᠬᠠᠮᠢ᠍ᠶᠠᠷᠤᠯᠳ᠋ᠠ᠂ ᠦᠨᠳ᠋ᠤᠰᠤᠨ ᠱᠠᠳ᠋ᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠨᠡᠩ ᠰᠠᠢ᠌ᠨ ᠶᠢᠡᠷ ᠡᠷᠭᠡ ᠲᠤᠰᠢ᠍ᠶᠠᠯ ᠶᠢᠡᠨ ᠭᠡᠷᠡᠭ᠍ᠵᠢ᠍ᠬᠦᠯᠬᠦ ᠶᠢ ᠪᠠᠳ᠋ᠤᠯᠠᠬᠤ ᠴᠢ᠍ᠬᠤᠯᠨ ᠠᠷᠭ᠎ᠠ ᠠᠪᠴᠠᠯ ᠪᠤᠯᠤᠨ᠎ᠠ᠃ ᠲᠤᠰ ᠤᠳ᠋ᠠᠭᠠᠨ ᠤ ᠰᠢ᠍ᠯᠭᠠᠯᠳ᠋ᠠ ᠨᠢ ᠬᠠᠭᠠᠯᠳ᠋ᠠ ᠲᠠᠭᠯᠠᠬᠤ᠂ ᠰᠤᠩᠭ᠋ᠤᠬᠤ ᠪᠤᠯᠤᠨ ᠲᠦ᠋ᠬᠦᠮ ᠬᠠᠷᠢ᠍ᠭᠤᠯᠬᠤ ᠵᠡᠷᠭᠡ ᠰᠡᠳ᠋ᠤᠪ ᠤᠨ ᠭᠡᠯᠪᠡᠷᠢ ᠪᠠᠷ ᠦᠨᠳ᠋ᠤᠰᠤᠨ ᠬᠠᠤᠯᠢ᠂ ᠬᠢᠨᠠᠯᠳ᠋ᠠ ᠲᠠᠯᠪᠢᠬᠤ ᠬᠠᠤᠯᠢ᠂ ᠲᠦ᠋ᠯᠤᠭᠡᠯᠡᠭ᠍ᠴᠢ᠍ᠳ ᠤᠨ ᠬᠠᠤᠯᠢ ᠵᠡᠷᠭᠡ ᠬᠠᠤᠯᠢ ᠴᠠᠭᠠᠵᠨ ᠬᠠᠤᠯᠢ ᠲᠦ᠋ᠷᠢ᠍ᠮ ᠪᠤᠯᠤᠨ ᠰᠤᠮᠤ ᠪᠠᠯᠭᠠᠰᠤ (ᠵᠡᠭᠡᠯᠢ ᠭᠤᠳ᠋ᠤᠮᠵᠢ)᠋ ᠶᠢᠨ ᠠᠷᠠᠳ ᠤᠨ ᠲᠦ᠋ᠯᠤᠭᠡᠯᠡᠭ᠍ᠴᠢ᠍ᠳ ᠤᠨ ᠲᠤᠰᠢ᠍ᠶᠠᠯ ᠶᠢᠡᠨ ᠬᠦᠢ᠍ᠴᠡᠳᠭᠡᠬᠦ ᠳᠤ ᠱᠠᠭᠠᠷᠳ᠋ᠠᠭᠳ᠋ᠠᠬᠤ ᠬᠠᠮᠢ᠍ᠶ᠎ᠠ ᠪᠦᠬᠦᠢ ᠲᠤᠬᠠᠢ᠌ᠯᠠᠭᠰᠨᠨ ᠠᠵᠢ᠍ᠯ ᠤᠨ ᠮᠡᠳ᠋ᠡᠯᠭᠡ ᠶᠢ ᠨᠤᠮ ᠦᠵᠡᠬᠦᠯᠬᠦ ᠦᠭᠡᠶ᠂ ᠨᠢ᠍ᠭᠡᠳ᠋ᠤᠯᠳ᠋ᠠᠢ᠂ ᠲᠤᠰᠠᠭᠠᠷ ᠬᠠᠷᠢ᠍ᠭᠤᠯᠬᠤ ᠭᠡᠯᠪᠡᠷᠢ ᠪᠠᠷ ᠶᠠᠪᠤᠭᠳ᠋ᠠᠭᠰᠨᠨ ᠪᠠᠢ᠌ᠨ᠎ᠠ᠃
          ᠪᠠᠶᠠᠨᠰᠠᠩ ᠲᠠᠢ᠌ᠴᠢ᠍ᠯᠠᠯᠳ᠋ᠠ ᠶᠢᠨ ᠶᠠᠷᠢ᠍ᠶᠠᠨ ᠳᠤ ᠵᠢᠭᠠᠵᠤ ᠭᠠᠷᠭᠠᠭᠰᠨᠨ ᠨᠢ᠂ ᠰᠤᠮᠤ ᠪᠠᠯᠭᠠᠰᠤ ᠶᠢᠨ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠪᠤᠯ ᠭᠠᠵᠠᠷ ᠤᠷᠤᠨ ᠤ ᠤᠯᠤᠰ ᠤᠨ ᠡᠷᠭᠡᠳ᠋ᠤ ᠪᠠᠢ᠌ᠭᠤᠯᠭ᠎ᠠ ᠪᠤᠯᠤᠨ᠎ᠠ᠂ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠲᠦ᠋ᠷᠢ᠍ᠮ ᠤᠨ ᠴᠢ᠍ᠬᠤᠯᠨ ᠪᠦᠷᠢ᠍ᠯᠳ᠋ᠤᠬᠦᠨ ᠭᠡᠰᠡᠭ᠌ ᠪᠤᠯᠤᠨ᠎ᠠ᠂ ᠦᠨᠳ᠋ᠤᠰᠤᠨ ᠱᠠᠳ᠋ᠤᠨ ᠤ ᠠᠷᠠᠳ ᠲᠦ᠋ᠮᠨᠨ ᠡᠴᠨ ᠭᠠᠵᠠᠷ ᠤᠷᠤᠨ ᠤ ᠤᠯᠤᠰ ᠤᠨ ᠶᠠᠪᠤᠳ᠋ᠠᠯ ᠳᠤ ᠤᠷᠤᠯᠴᠠᠬᠤ ᠪᠤᠯᠤᠨ ᠬᠠᠮᠢ᠍ᠶᠠᠷᠬᠤ᠂ ᠡᠷᠭᠡ ᠮᠡᠳ᠋ᠡᠵᠤ ᠡᠵᠡᠨ ᠰᠠᠭᠤᠭᠰᠨᠨ ᠠᠷᠠᠳᠴᠢ᠍ᠯᠠᠯ ᠤᠨ ᠡᠷᠭᠡ ᠶᠢ ᠶᠠᠪᠤᠭᠤᠯᠤᠭᠰᠨᠨ ᠭᠤᠤᠯ ᠠᠷᠭ᠎ᠠ ᠵᠠᠮ ᠪᠤᠯᠤᠨ ᠦᠨᠳ᠋ᠤᠰᠤᠨ ᠭᠡᠯᠪᠡᠷᠢ ᠪᠤᠯᠤᠨ᠎ᠠ᠃ ᠰᠤᠮᠤ ᠪᠠᠯᠭᠠᠰᠤ ᠶᠢᠨ ᠠᠷᠠᠳ ᠤᠨ ᠲᠦ᠋ᠯᠤᠭᠡᠯᠡᠭ᠍ᠴᠢ᠍ᠳ ᠤᠨ ᠲᠠᠷᠢ᠍ᠬᠦᠯᠡᠭ᠍ᠴᠢ ᠲᠠᠭᠡᠷ᠎ᠠ ᠱᠠᠳ᠋ᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠲᠦ᠋ᠷᠤ ᠶᠢᠨ ᠪᠤᠳ᠋ᠤᠯᠭ᠎ᠠ ᠶᠢ ᠨᠠᠢ᠌ᠳ᠋ᠠᠪᠤᠷᠢ᠍ᠵᠢ᠍ᠭᠤᠯᠬᠤ ᠶᠢ ᠠᠬᠢᠭᠤᠯᠵᠤ᠂ ᠨᠠᠮ ᠤᠨ ᠤᠳ᠋ᠤᠷᠢ᠍ᠳ᠋ᠤᠯᠭ᠎ᠠ᠂ ᠠᠷᠠᠳ ᠲᠦ᠋ᠮᠨᠨ ᠡᠷᠭᠡ ᠮᠡᠳ᠋ᠡᠨ ᠡᠵᠡᠨ ᠰᠠᠭᠤᠭᠰᠨᠨ ᠪᠤᠯᠤᠨ ᠬᠠᠤᠯᠢ ᠶᠤᠰᠤᠭᠠᠷ ᠤᠯᠤᠰ ᠶᠢᠡᠨ ᠵᠠᠰᠠᠬᠤ ᠤᠷᠭᠠᠨᠢᠭ ᠨᠢᠭᠡᠳᠤᠯᠳᠠᠢ ᠲᠠᠯ᠎ᠠ ᠪᠡᠷ ᠲᠤᠢ᠌ᠯ ᠤᠨ ᠴᠢ᠍ᠬᠤᠯᠨ ᠲᠦ᠋ᠷᠢ ᠪᠠᠢ᠌ᠳ᠋ᠠᠯ ᠢ ᠢᠯᠡᠷᠡᠬᠦᠯᠵᠤ ᠪᠠᠢ᠌ᠳ᠋ᠠᠭ᠃ ᠲᠤᠰ ᠤᠳ᠋ᠠᠭᠠᠨ ᠤ ᠰᠢ᠍ᠯᠭᠠᠯᠳ᠋ᠠ ᠶᠢᠨ ᠵᠤᠷᠢ᠍ᠯᠭ᠎ᠠ ᠪᠤᠯ ᠰᠢ᠍ᠯᠭᠠᠨ ᠦᠵᠡᠬᠦ ᠪᠡᠷ ᠲᠠᠮᠵᠢ᠍ᠨ᠂ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠲᠦ᠋ᠷᠢ᠍ᠮ ᠪᠤᠯᠤᠨ ᠰᠤᠮᠤ ᠪᠠᠯᠭᠠᠰᠤ ᠶᠢᠨ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠠᠵᠢ᠍ᠯ ᠤᠨ ᠴᠢ᠍ᠬᠤᠯᠨ ᠴᠢ᠍ᠨᠠᠷ ᠢ ᠬᠦᠨᠵᠡᠭᠡᠢ ᠤᠢ᠌ᠯᠠᠭᠠᠵᠤ᠂ ᠬᠤᠪᠢ ᠪᠠᠶ᠎ᠠ ᠶᠢᠨ ᠶᠢᠡᠨ ᠬᠦᠷᠤᠯᠴᠡᠬᠦ ᠦᠭᠡᠶ ᠲᠠᠯ᠎ᠠ ᠶᠢ ᠤᠢ᠌ᠯᠠᠭᠠᠨ᠂ ᠲᠠᠷᠠᠭᠠᠴᠢ ᠶᠢᠨ ᠡᠯ᠎ᠠ ᠲᠦ᠋ᠷᠤᠯ ᠤᠨ ᠠᠵᠢ᠍ᠯ ᠶᠢᠡᠨ ᠦᠷ᠎ᠠ ᠪᠦᠳ᠋ᠤᠮᠵᠢ ᠲᠡᠶ ᠦᠷᠨᠢᠬᠦᠯᠬᠦ ᠳᠤ ᠴᠢᠭ᠍ᠯᠡᠯ ᠢ ᠵᠢᠭᠠᠵᠤ ᠦᠭ᠍ᠬᠦᠪᠡ ᠭᠡᠵᠡᠢ᠃
         ᠰᠢ᠍ᠯᠭᠠᠯᠳ᠋ᠠ ᠶᠢᠨ ᠲᠠᠷᠠᠭ᠎ᠠ᠂ ᠡᠯ᠎ᠠ ᠰᠤᠮᠤ ᠪᠠᠯᠭᠠᠰᠤ ᠶᠢᠨ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠲᠠᠷᠢ᠍ᠬᠦᠯᠡᠭ᠍ᠴᠢ ᠡᠴᠨ ᠲᠤᠰ ᠤᠳ᠋ᠠᠭᠠᠨ ᠤ ᠰᠢ᠍ᠯᠭᠠᠯᠳ᠋ᠠ ᠵᠦ᠋ᠪᠭᠡᠨ ᠲᠤᠰ ᠪᠠᠶ᠎ᠠ ᠶᠢᠨ ᠬᠠᠤᠯᠢ ᠴᠠᠭᠠᠵᠨ ᠬᠠᠤᠯᠢ ᠲᠦ᠋ᠷᠢ᠍ᠮ ᠵᠢᠴᠢ ᠲᠤᠬᠠᠢ᠌ᠯᠠᠭᠰᠠᠨ ᠠᠵᠢ᠍ᠯ ᠤᠨ ᠮᠡᠳ᠋ᠡᠯᠭᠡ ᠶᠢᠨ ᠰᠤᠷᠤᠯᠴᠠᠯᠭ᠎ᠠ ᠶᠢ ᠴᠢ᠍ᠩᠭ᠋ᠠᠳᠬᠠᠭᠰᠨᠨ ᠶᠢᠡᠷ ᠪᠠᠷᠠᠬᠤ ᠦᠭᠡᠶ᠂ ᠬᠠᠷᠢ᠍ᠨ ᠮᠦᠨ ᠦᠪᠡᠷ ᠶᠢᠡᠨ ᠲᠦ᠋ᠷᠤᠬᠦᠯᠡᠨ ᠬᠠᠤᠯᠢ ᠶᠢ ᠵᠢᠷᠤᠮᠯᠠᠵᠤ ᠰᠠᠬᠢᠯᠭ᠎ᠠ ᠪᠠᠳ᠋ᠤ ᠶᠢ ᠰᠠᠬᠢᠬᠤ᠂ ᠬᠠᠤᠯᠢ ᠶᠤᠰᠤᠭᠠᠷ ᠵᠠᠰᠠᠭ ᠪᠠᠷᠢ᠍ᠬᠤ ᠦᠵᠡᠯ ᠤᠬᠠᠮᠰᠠᠷ ᠢ ᠤᠯᠠᠮ ᠨᠢ᠍ᠭᠡ ᠠᠯᠬᠤᠮ ᠴᠢ᠍ᠩᠭ᠋ᠠᠷᠠᠭᠤᠯᠵᠤ᠂ ᠲᠠᠷᠠᠭᠠᠴᠢ ᠶᠢᠨ ᠠᠵᠢ᠍ᠯ ᠶᠢᠡᠨ ᠦᠷᠨᠢᠬᠦᠯᠬᠦ ᠳᠤ ᠤᠨᠤᠯ ᠤᠨ ᠰᠠᠭᠤᠷᠢ ᠶᠢ ᠲᠠᠯᠪᠢᠭᠰᠨᠨ ᠪᠠᠢ᠌ᠨ᠎ᠠ ᠭᠡᠵᠤ ᠲᠤᠰ ᠲᠤᠰ ᠢᠯᠡᠷᠭᠡᠢ᠌ᠯᠡᠵᠡᠪᠡ᠃
 

ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠵᠠᠷᠤᠤᠨ ᠬᠤᠰᠢ᠍ᠭᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠠᠢ ᠲᠦ᠋ᠷᠤᠯ ᠵᠤᠢ᠌ᠯ ᠢ ᠠᠷᠠᠳ ᠤᠨ ᠲᠦ᠋ᠯᠤᠭᠡᠯᠡᠭ᠍ᠴᠢ ᠪᠠᠷ ᠪᠢᠯᠸᠲ ᠦᠭ᠍ᠬᠦ ᠲᠦ᠋ᠷᠢ᠍ᠮ ᠤᠨ ᠠᠵᠢ᠍ᠯ ᠤᠨ ᠪᠠᠢ᠌ᠷᠢ᠍ᠯᠠᠭᠤᠯᠤᠯᠳ᠋ᠠ ᠶᠢᠨ ᠬᠤᠷᠠᠯ ᠬᠤᠷᠠᠯᠳ᠋ᠤᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠦᠨᠳᠤᠰᠤᠨ ᠱᠠᠳᠤᠨ ᠳᠤ ᠬᠦᠨᠵᠡᠭᠡᠢᠷᠡᠵᠤ ᠦᠩᠭᠡᠷᠡᠭᠰᠡᠡ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠢ ᠪᠤᠯᠭᠤᠭᠠᠨ ᠦᠵᠡᠪᠡ