ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠠᠷᠪᠠᠳᠤᠭᠠᠷ ᠤᠳᠠᠭᠠᠨ ᠤ ᠬᠤᠷᠠᠯᠳᠤᠭᠠᠨ ᠬᠤᠷᠠᠯᠳᠤᠪᠠ
1 ᠰᠠᠷ᠎ᠠ ᠶᠢᠨ 23᠋ ᠤ ᠦᠳᠡ ᠶᠢᠨ ᠡᠮᠤᠨ᠎ᠡ᠂ ᠵᠠᠷᠤᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠠᠷᠪᠠᠳᠤᠭᠠᠷ ᠤᠳᠠᠭᠠᠨ ᠤ ᠬᠤᠷᠠᠯᠳᠤᠭᠠᠨ ᠬᠤᠷᠠᠯᠳᠤᠪᠠ᠃


ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠬᠤᠷᠠᠯ ᠡᠷᠬᠢᠯᠡᠵᠤ ᠶᠠᠷᠢᠶ᠎ᠠ ᠬᠢᠪᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠡᠤ ᠰᠢᠶᠤᠤ᠂ ᠪᠦ᠋ ᠮᠤᠤ ᠰᠢᠶᠠᠩ᠂ ᠰᠦᠩ ᠯᠢᠶᠠᠨ ᠡᠾᠦ᠋ᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠵᠢᠴᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠭᠡᠰᠢᠬᠦᠤᠨ ᠬᠤᠷᠠᠯ ᠳᠤ ᠤᠷᠤᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠢᠩᠭᠤ ᠶᠢᠨ ᠭᠡᠰᠢᠬᠦᠨ᠂ ᠬᠤᠰᠢᠭᠤᠨ ᠲᠠᠳ᠋ ᠲᠠᠷᠤᠭ᠎ᠠ ᠵᠢᠢ ᠬᠠᠢ ᠶᠠᠩ᠂《 ᠨᠢᠭᠡ ᠵᠦᠪᠯᠡᠯ ᠬᠤᠶᠠᠷ ᠬᠤᠷᠢᠶ᠎ᠠ》᠋ ᠶᠢᠨ ᠭᠤᠤᠯ ᠬᠠᠷᠢᠭᠤᠴᠠᠯᠭᠠᠳᠠᠨ᠂ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠬᠠᠷᠢᠭᠤᠴᠠᠯᠭᠠᠳᠠᠨ ᠵᠢᠴᠢ ᠨᠢᠭᠡ ᠪᠦᠯᠦᠭ ᠠᠷᠠᠳ ᠤᠨ ᠲᠦᠯᠤᠭᠡᠯᠡᠭᠴᠢᠳ ᠬᠤᠷᠠᠯ ᠳᠤ ᠰᠤᠯᠨ ᠤᠷᠤᠯᠴᠠᠪᠠ᠃






ᠬᠤᠷᠠᠯ ᠲᠠᠭᠡᠷ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠢᠩᠭᠤ ᠶᠢᠨ ᠭᠡᠰᠢᠬᠦᠨ᠂ ᠬᠤᠰᠢᠭᠤᠨ ᠲᠠᠳ᠋ ᠲᠠᠷᠤᠭ᠎ᠠ ᠵᠢᠢ ᠬᠠᠢ ᠶᠠᠩ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠺᠠᠳ᠋ᠷ ᠢ ᠲᠤᠰᠢᠶᠠᠯ ᠳᠤ ᠲᠤᠮᠢᠯᠠᠵᠤ ᠪᠠᠭᠤᠯᠭᠠᠬᠤ ᠵᠢᠭᠠᠪᠤᠷᠢ ᠵᠢ ᠵᠠᠷᠯᠨᠨ ᠤᠩᠰᠢᠪᠡ᠃ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠶᠢᠨ ᠬᠤᠷᠢᠶᠠᠨ ᠲᠠᠷᠤᠭ᠎ᠠ ᠶᠠᠩ ᠬᠧ ᠬᠤᠸᠠ ᠡᠴᠨ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠶᠢᠨ ᠪᠠᠳᠤᠪᠠᠶᠠᠷ ᠵᠡᠷᠭᠡ ᠨᠦᠬᠦᠷ ᠢ ᠰᠢᠬᠦᠭᠴᠢ ᠶᠢᠨ ᠲᠤᠰᠢᠶᠠᠯ ᠳᠤ ᠲᠤᠮᠢᠯᠠᠬᠤ ᠵᠢᠭᠠᠪᠤᠷᠢ ᠶᠢ ᠤᠩᠰᠢᠨ ᠵᠠᠷᠯᠠᠪᠠ᠃
ᠬᠤᠷᠠᠯ ᠲᠠᠭᠡᠷ᠎ᠠ᠂ ᠭᠠᠷ ᠡᠷᠬᠦᠨ ᠪᠠᠳᠤᠯᠠᠬᠤ ᠭᠡᠯᠪᠡᠷᠢ ᠪᠡᠷ ᠲᠠᠮᠵᠢᠨ᠂ ᠵᠤᠤ ᠬᠠᠢ ᠪᠦᠸᠸ ᠨᠦᠬᠦᠷ ᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤᠨ ᠲᠠᠳ᠋ ᠲᠠᠷᠤᠭ᠎ᠠ ᠶᠢᠨ ᠲᠤᠰᠢᠶᠠᠯ ᠡᠴᠨ ᠪᠠᠭᠤᠯᠭᠠᠬᠤ ᠶᠢ ᠵᠦᠪᠰᠢᠶᠡᠷᠡᠬᠦ ᠶᠢᠨ ᠬᠠᠮᠳᠤ᠂ ᠪᠢᠯᠸᠲ ᠦᠭᠴᠤ ᠰᠤᠩᠭᠤᠬᠤ ᠭᠡᠯᠪᠡᠷᠢ ᠪᠡᠷ ᠵᠢᠶᠨ ᠢᠤᠢ ᠹᠸᠩ ᠨᠦᠬᠦᠷ ᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠲᠠᠳ᠋ ᠬᠤᠰᠢᠭᠤᠨ ᠲᠠᠷᠤᠭ᠎ᠠ ᠪᠡᠷ ᠲᠤᠮᠢᠯᠠᠬᠤ ᠪᠡᠷ ᠲᠤᠭᠳᠠᠵᠤ᠂ ᠪᠠᠳᠤᠪᠠᠶᠠᠷ᠂ ᠯᠢ ᠵᠢᠨ ᠷᠦᠢ ᠨᠦᠬᠦᠷ ᠢ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠶᠢᠨ ᠰᠢᠬᠦᠭᠴᠢ ᠶᠢᠨ ᠲᠤᠰᠢᠶᠠᠯ ᠳᠤ ᠲᠤᠮᠢᠯᠡᠪᠠ᠃ ᠪᠠᠶᠠᠨᠰᠠᠩ ᠡᠴᠨ ᠰᠢᠨ᠎ᠡ ᠪᠡᠷ ᠲᠤᠰᠢᠶᠠᠯ ᠳᠤ ᠲᠤᠮᠢᠯᠠᠭᠳᠠᠭᠰᠨᠨ ᠨᠦᠬᠦᠤᠨ ᠲᠤ ᠲᠤᠮᠢᠯᠠᠯ ᠤᠨ ᠪᠢᠴᠢᠭ᠌ ᠭᠠᠷᠳᠠᠭᠤᠯᠵᠤ᠂ ᠰᠢᠨ᠎ᠡ ᠪᠡᠷ ᠲᠤᠰᠢᠶᠠᠯ ᠳᠤ ᠲᠤᠮᠢᠯᠠᠭᠳᠠᠭᠰᠨᠳ ᠲᠤᠰᠢᠶᠠᠯ ᠬᠠᠷᠢᠭᠤᠴᠠᠭᠰᠨᠨ ᠶᠠᠷᠢᠶ᠎ᠠ ᠬᠢᠬᠦ ᠶᠢᠨ ᠬᠠᠮᠳᠤ᠂ ᠬᠠᠤᠯᠢ ᠴᠠᠭᠠᠵᠨ ᠲᠦᠷᠢᠮ ᠲᠤᠭᠳᠠᠭᠠᠯ ᠶᠤᠰᠤᠭᠠᠷ ᠦᠨᠳᠤᠰᠤᠨ ᠬᠠᠤᠯᠢ ᠳᠤ ᠲᠠᠩᠭᠠᠷᠢᠭᠯᠠᠪᠠ᠃







ᠪᠠᠶᠠᠨᠰᠠᠩ ᠬᠤᠷᠠᠯ ᠲᠠᠭᠡᠷ᠎ᠠ ᠱᠠᠭᠠᠷᠳᠠᠭᠰᠨᠨ ᠨᠢ᠂ ᠰᠢᠨ᠎ᠡ ᠪᠡᠷ ᠲᠤᠰᠢᠶᠠᠯ ᠳᠤ ᠲᠤᠮᠢᠯᠠᠭᠳᠠᠭᠰᠨᠨ ᠨᠦᠬᠦᠤᠨ ᠲᠠᠩᠭᠠᠷᠢᠭᠯᠠᠭᠰᠨᠨ ᠶᠢᠠᠨ ᠪᠠᠳᠤ ᠴᠡᠭᠡᠵᠢᠯᠡᠵᠤ᠂ ᠦᠨᠳᠤᠰᠤᠨ ᠬᠠᠤᠯᠢ ᠳᠤ ᠦᠨᠡᠨᠴᠢ᠂ ᠦᠨᠳᠤᠰᠤᠨ ᠬᠠᠤᠯᠢ ᠶᠢ ᠵᠢᠷᠤᠮᠯᠡᠨ᠂ ᠦᠨᠳᠤᠰᠤᠨ ᠬᠠᠤᠯᠢ ᠶᠢᠨ ᠵᠤᠷᠢᠭ ᠰᠠᠨᠠᠭ᠎ᠠ ᠶᠢ ᠪᠠᠳᠠᠷᠠᠭᠤᠯᠵᠤ᠂ ᠦᠨᠳᠤᠰᠤᠨ ᠬᠠᠤᠯᠢ ᠶᠢᠨ ᠡᠬᠦᠷᠭᠡ ᠶᠢ ᠬᠦᠢᠴᠡᠳᠭᠡᠨ᠂ ᠦᠨᠳᠤᠰᠤᠨ ᠬᠠᠤᠯᠢ ᠵᠡᠷᠭᠡ ᠬᠠᠤᠯᠢ ᠴᠠᠭᠠᠵᠨ ᠬᠠᠤᠯᠢ ᠲᠦᠷᠢᠮ ᠢ ᠲᠤᠭᠤᠰᠢᠯᠠᠭᠤᠯᠤᠨ ᠭᠡᠷᠡᠭᠵᠢᠬᠦᠯᠵᠤ᠂ ᠤᠬᠠᠮᠰᠠᠷ ᠡᠴᠨ ᠪᠠᠨ ᠠᠷᠠᠳ ᠤᠨ ᠲᠦᠯᠤᠭᠡᠯᠡᠭᠴᠢ ᠪᠤᠯᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠢᠨᠠᠯᠳᠠ ᠶᠢ ᠬᠦᠯᠢᠶᠡᠬᠦ ᠭᠡᠷᠡᠭᠳᠡᠢ ᠭᠡᠵᠡᠢ᠃
ᠬᠤᠷᠠᠯ ᠲᠠᠭᠡᠷ᠎ᠠ᠂《 ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠤᠭᠤᠷᠢᠨ ᠪᠠᠢᠴᠠᠭᠠᠬᠤ ᠲᠤᠭᠤᠢᠯᠠᠩ ᠡᠴᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2018 ᠤᠨ ᠤ ᠭᠤᠤᠯᠳᠠᠯᠭ᠎ᠠ ᠲᠠᠢ ᠠᠵᠢᠯ ᠢ ᠲᠦᠪᠯᠡᠷᠡᠨ ᠪᠠᠢᠴᠠᠭᠠᠭᠰᠨᠨ ᠪᠠᠢᠳᠠᠯ ᠤᠨ ᠲᠤᠬᠠᠢ ᠮᠡᠳᠡᠬᠦᠯᠤᠯᠳᠠ》᠋ ᠶᠢ ᠰᠤᠨᠤᠰᠤᠨ ᠵᠦᠪᠯᠡᠪᠡ᠃《 ᠬᠤᠰᠢᠭᠤᠨ ᠤ ᠠᠷᠠᠳ ᠤᠨ ᠵᠠᠰᠠᠭ ᠤᠨ ᠤᠷᠳᠤᠨ ᠡᠴᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠨᠢᠭᠡᠳᠤᠭᠡᠷ ᠬᠤᠷᠠᠯ ᠪᠤᠯᠤᠨ ᠬᠤᠶᠠᠳᠤᠭᠠᠷ ᠬᠤᠷᠠᠯ ᠤᠨ ᠲᠦᠯᠤᠭᠡᠯᠡᠭᠴᠢᠳ ᠤᠨ ᠵᠦᠪᠯᠡᠯᠭᠡ᠂ ᠰᠠᠨᠠᠭᠤᠯᠭ᠎ᠠ ᠶᠢ ᠰᠢᠢᠳᠪᠤᠷᠢᠯᠡᠭᠰᠨᠨ ᠪᠠᠢᠳᠠᠯ ᠤᠨ ᠲᠤᠬᠠᠢ ᠮᠡᠳᠡᠬᠦᠯᠤᠯᠳᠠ》᠋ ᠶᠢ ᠰᠤᠨᠤᠰᠤᠨ ᠵᠦᠪᠯᠡᠪᠡ᠃《 ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ 2019 ᠤᠨ ᠤ ᠠᠵᠢᠯ ᠤᠨ ᠭᠤᠤᠯᠳᠠᠯᠭ᠎ᠠ(ᠶᠠᠷᠢᠶᠠᠨ ᠤ ᠨᠤᠤᠷᠠᠭ)》᠋ ᠶᠢ ᠰᠤᠨᠤᠰᠤᠨ ᠵᠦᠪᠯᠡᠪᠡ᠃
ᠬᠤᠷᠠᠯ ᠳᠤ ᠤᠷᠤᠯᠴᠠᠭᠰᠨᠳ ᠡᠯ᠎ᠠ ᠮᠡᠳᠡᠬᠦᠯᠤᠯᠳᠠ ᠶᠢᠨ ᠲᠤᠭᠤᠷᠢᠨ ᠳᠤ ᠶᠠᠷᠢᠯᠴᠠᠭ᠎ᠠ ᠦᠷᠨᠢᠬᠦᠯᠬᠦ ᠶᠢᠨ ᠬᠠᠮᠳᠤ᠂ ᠰᠠᠢᠨ ᠰᠠᠨᠠᠯ ᠰᠠᠨᠠᠭᠤᠯᠭ᠎ᠠ ᠲᠤᠷᠠᠳᠤᠭᠰᠨᠨ ᠪᠠᠢᠨ᠎ᠡ᠃