ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠦᠨᠳᠤᠰᠤᠨ ᠱᠠᠳᠤᠨ ᠳᠤ ᠬᠦᠨᠵᠡᠭᠡᠢᠷᠡᠵᠤ ᠦᠩᠭᠡᠷᠡᠭᠰᠡᠡ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠢ ᠪᠤᠯᠭᠤᠭᠠᠨ ᠦᠵᠡᠪᠡ

      1 ᠰᠠᠷ᠎ᠠ ᠶᠢᠨ 28᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠪᠠᠶᠠᠷᠳᠤᠬᠤᠰᠢᠭᠤ ᠪᠠᠯᠭᠠᠰᠤᠨ ᠳᠤ ᠬᠦᠨᠵᠡᠭᠡᠢᠷᠡᠨ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠭᠡᠯᠡᠡᠭᠴᠢ ᠰᠤᠪᠤᠤᠨ ᠪᠤᠯᠤᠨ ᠲᠤᠯᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠭᠡᠯᠡᠭᠴᠢ ᠶᠸᠰᠢᠰᠠᠩᠪᠤ ᠶᠢ ᠪᠤᠯᠭᠤᠭᠠᠨ ᠦᠵᠡᠵᠤ᠂ ᠲᠦᠯᠤᠭᠡᠯᠡᠭᠴᠢ ᠡᠴᠨ ᠰᠠᠨᠠᠯ ᠬᠤᠷᠢᠶᠠᠨ᠂ ᠰᠡᠳᠬᠢᠯ ᠤᠨ ᠦᠭᠡ ᠶᠢ ᠨᠢ ᠰᠤᠨᠤᠰᠬᠤ ᠶᠢᠨ ᠬᠠᠮᠳᠤ ᠲᠠᠳᠡᠨᠠᠷ ᠲᠤ ᠰᠢᠨ᠎ᠡ ᠵᠢᠯ ᠤᠨ ᠮᠡᠨᠳᠤᠴᠢᠯᠡᠯ ᠬᠦᠷᠭᠡᠭᠰᠡᠡ ᠪᠠᠢᠨ᠎ᠡ᠃ ᠪᠠᠶᠠᠨᠰᠠᠩ ᠬᠠᠯᠠᠭᠤᠨ ᠲᠤᠳᠤᠨᠤ ᠪᠡᠷ ᠲᠦᠯᠤᠭᠡᠯᠡᠭᠴᠢᠳ ᠤᠨ ᠤᠢᠯᠡᠳᠪᠤᠷᠢᠯᠡᠯ ᠠᠮᠢᠳᠤᠷᠠᠯ ᠤᠨ ᠪᠠᠢᠳᠠᠯ᠂ ᠪᠠᠶ᠎ᠠ ᠮᠠᠬᠠᠪᠤᠤᠨ ᠤᠨ ᠪᠠᠢᠳᠠᠯ ᠢ ᠠᠰᠠᠭᠤᠨ ᠯᠠᠪᠯᠠᠵᠤ᠂ ᠮᠠᠨ ᠤ ᠬᠤᠰᠢᠭᠤᠨ ᠤ ᠠᠵᠤ ᠠᠬᠤᠢ ᠨᠡᠢᠭᠡᠮ ᠤᠨ ᠬᠦᠭᠵᠢᠯᠳᠠ ᠪᠤᠯᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠦᠷᠨᠢᠬᠦᠯᠦᠭᠰᠨᠨ ᠪᠠᠢᠳᠠᠯ ᠢ ᠨᠠᠷᠢᠨ ᠲᠠᠢᠯᠪᠤᠷᠢᠯᠨᠵᠤ ᠦᠭᠬᠦ ᠶᠢᠨ ᠬᠠᠮᠳᠤ᠂ ᠶᠸᠰᠢᠰᠠᠩᠪᠤ ᠪᠤᠯᠤᠨ ᠰᠤᠪᠤᠤᠨ ᠬᠤᠶᠠᠷ ᠲᠦᠯᠤᠭᠡᠯᠡᠭᠴᠢ ᠶᠢᠨ ᠪᠦᠬᠦ ᠬᠤᠰᠢᠭᠤᠨ ᠤ ᠠᠵᠤ ᠠᠬᠤᠢ ᠨᠡᠢᠭᠡᠮ ᠤᠨ ᠬᠦᠭᠵᠢᠯᠳᠠ ᠵᠢᠴᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠲᠤᠷᠠᠳᠤᠭᠰᠨᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠤᠭᠰᠨᠨ ᠪᠠᠢᠨ᠎ᠡ᠃

      


      

       

       


       

      ᠪᠠᠶᠠᠨᠰᠠᠩ ᠡᠴᠨ ᠦᠩᠭᠡᠷᠡᠭᠰᠨᠨ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢᠳ ᠤᠨ ᠲᠤᠰᠢᠶᠠᠯ ᠤᠨ ᠬᠤᠭᠤᠴᠠᠭᠠᠨ ᠳᠤ ᠪᠠᠳᠠᠷᠠᠭᠤᠯᠤᠭᠰᠨᠨ ᠲᠦᠯᠤᠭᠡᠯᠡᠭᠴᠢ ᠶᠢᠨ ᠤᠢᠯᠡᠳᠤᠯ᠂ ᠬᠦᠢᠴᠡᠳᠭᠡᠭᠰᠨᠨ ᠲᠤᠰᠢᠶᠠᠯ ᠤᠨ ᠡᠬᠦᠷᠭᠡ ᠬᠠᠷᠢᠭᠤᠴᠠᠯᠭ᠎ᠠ ᠂ ᠤᠯᠨᠨ ᠲᠦᠮᠨᠨ ᠤ ᠬᠠᠮᠤᠭ ᠦᠨᠳᠤᠰᠤᠨ ᠠᠰᠢᠭ ᠲᠤᠰᠨ ᠶᠢᠨ ᠲᠦᠯᠤᠭᠡ ᠴᠢᠷᠮᠠᠢᠭᠰᠨᠨ᠂ ᠤᠷᠤᠨ ᠨᠤᠳᠤᠭ ᠤᠨ ᠠᠵᠤ ᠠᠬᠤᠢ ᠶᠢᠨ ᠪᠦᠳᠤᠭᠡᠨ ᠪᠠᠢᠭᠤᠯᠤᠯᠳᠠ ᠳᠤ ᠢᠳᠡᠪᠬᠢᠳᠠᠢ ᠠᠷᠭ᠎ᠠ ᠪᠤᠳᠤᠯᠭ᠎ᠠ ᠲᠠᠪᠰᠢᠬᠦᠯᠦᠭᠰᠨᠨ ᠵᠡᠷᠭᠡ ᠲᠠᠯ᠎ᠠ ᠪᠡᠷ ᠬᠢᠭᠰᠡᠡ ᠢᠳᠡᠪᠬᠢᠳᠠᠢ ᠴᠢᠷᠮᠠᠢᠯᠭ᠎ᠠ ᠶᠢ ᠬᠦᠢᠴᠡᠳ ᠨᠤᠳᠠᠯᠠᠭᠰᠨᠨ ᠪᠠᠢᠨ᠎ᠡ᠃
         ᠪᠠᠶᠠᠨᠰᠠᠩ ᠱᠠᠭᠠᠷᠳᠠᠭᠰᠨᠨ ᠨᠢ᠂ ᠡᠯ᠎ᠠ ᠭᠠᠵᠠᠷ ᠤᠷᠤᠨ ᠡᠯ᠎ᠠ ᠪᠠᠢᠭᠤᠯᠭ᠎ᠠ ᠡᠴᠨ ᠦᠩᠭᠡᠷᠡᠭᠰᠨᠨ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠤᠢᠯᠡᠳᠪᠤᠷᠢᠯᠡᠯ ᠠᠮᠢᠳᠤᠷᠠᠯ ᠤᠨ ᠪᠠᠢᠳᠠᠯ ᠢ ᠰᠠᠢᠳᠤᠷ ᠠᠩᠬᠠᠷᠤᠨ ᠬᠠᠯᠠᠮᠵᠢᠯᠠᠵᠤ᠂ ᠲᠦᠯᠤᠭᠡᠯᠡᠭᠴᠢᠳ ᠲᠠᠢ ᠬᠠᠷᠢᠯᠴᠠᠭ᠎ᠠ ᠬᠤᠯᠪᠤᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠲᠠᠳᠡᠨᠡᠷ ᠤᠨ ᠤᠷᠤᠨ ᠨᠤᠳᠤᠭ ᠤᠨ ᠠᠵᠤ ᠠᠬᠤᠢ ᠨᠡᠢᠭᠡᠮ ᠤᠨ ᠬᠦᠭᠵᠢᠯᠳᠠ ᠶᠢᠨ ᠲᠠᠯ᠎ᠠ ᠳᠤ ᠰᠠᠢᠨ ᠠᠷᠭ᠎ᠠ ᠪᠤᠳᠤᠯᠭ᠎ᠠ ᠲᠠᠪᠰᠢᠬᠦᠯᠬᠦ ᠶᠢ ᠨᠠᠷᠢᠨ ᠬᠢᠨᠠᠮᠠᠭᠠᠢ ᠰᠤᠨᠤᠰᠬᠤ ᠭᠡᠷᠡᠭᠳᠡᠢ ᠭᠡᠵᠡᠢ᠃



ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠡᠴᠨ ᠰᠤᠮᠤ ᠪᠠᠯᠭᠠᠰᠤ (ᠵᠡᠭᠡᠯᠢ ᠭᠤᠳ᠋ᠤᠮᠵᠢ)᠋ ᠶᠢᠨ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠲᠠᠷᠢ᠍ᠬᠦᠯᠡᠭ᠍ᠴᠢ ᠶᠢ ᠵᠤᠬᠢᠶᠠᠨ ᠪᠠᠢ᠌ᠭᠤᠯᠵᠤ ᠬᠠᠤᠯᠢ ᠴᠠᠭᠠᠵᠨ ᠬᠠᠤᠯᠢ ᠲᠦ᠋ᠷᠢ᠍ᠮ ᠵᠢᠴᠢ ᠲᠤᠬᠠᠢ᠌ᠯᠠᠭᠰᠨᠨ ᠠᠵᠢ᠍ᠯ ᠤᠨ ᠮᠡᠳ᠋ᠡᠯᠭᠡ ᠶᠢᠨ ᠰᠢ᠍ᠯᠭᠠᠯᠳ᠋ᠠ ᠦᠷᠨᠢᠬᠦᠯᠦᠭ᠍ᠰᠨᠨ ᠨᠢ
ᠳᠠᠷᠠᠭᠠᠬᠢ᠄ ᠰᠦᠩ ᠯᠢᠶᠠᠨ ᠡᠾᠦ᠋ᠢ ᠦᠨᠳᠤᠰᠤᠨ ᠱᠠᠳᠤᠨ ᠳᠤ ᠬᠦᠨᠵᠡᠭᠡᠢᠢᠷᠡᠨ ᠠᠶᠤᠯᠬᠦᠢ ᠤᠢᠯᠡᠳᠪᠤᠷᠢᠯᠡᠯ ᠤᠨ ᠠᠵᠢᠯ ᠢ ᠪᠠᠢᠴᠠᠭᠠᠭᠰᠨᠨ ᠨᠢ