ᠤᠳᠤ ᠶᠢᠨ ᠪᠠᠢ᠌ᠷᠢ᠄
ᠴᠢᠬᠤᠯᠠ ᠮᠡᠳᠡᠭᠡ → ᠬᠤᠰᠢ᠍ᠭᠤᠨ ᠤ ᠠᠷᠠᠣᠨ ᠤᠨ ᠲᠦ᠋ᠯᠣᠭᠡᠯᠡᠭ᠍ᠴᠢ᠍ᠣᠨ ᠤᠨ᠁
ᠬᠤᠰᠢ᠍ᠭᠤᠨ ᠤ ᠠᠷᠠᠣᠨ ᠤᠨ ᠲᠦ᠋ᠯᠣᠭᠡᠯᠡᠭ᠍ᠴᠢ᠍ᠣᠨ ᠤᠨ ᠶᠡᠬᠡ ᠬᠣᠷᠡᠯ ᠤᠨ ᠪᠠᠢ᠌ᠩᠭ᠋ᠣ ᠶᠢᠨ ᠬᠤᠷᠢ᠍ᠶ᠎ᠠ ᠶᠢᠨ ᠪᠠᠢ᠌ᠭᠤᠯᠭ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ 2018 ᠤᠨ ᠤ ᠠᠷᠠᠳᠴᠢ᠍ᠯᠠᠯᠳ᠋ᠤ ᠠᠮᠢ᠍ᠳ᠋ᠤᠷᠠᠯ ᠤᠨ ᠬᠤᠷᠠᠯ ᠬᠤᠷᠠᠯᠳ᠋ᠤᠭᠤᠯᠤᠭᠰᠠᠨ
1 ᠰᠠᠷ᠎ᠠ ᠶᠢᠨ 28᠋ ᠤ ᠡᠳ᠋ᠦᠷ᠂ ᠬᠤᠰᠢ᠍ᠭᠤᠨ ᠤ ᠠᠷᠠᠣᠨ ᠤᠨ ᠲᠦ᠋ᠯᠣᠭᠡᠯᠡᠭ᠍ᠴᠢ᠍ᠣᠨ ᠤᠨ ᠶᠡᠬᠡ ᠬᠣᠷᠡᠯ ᠤᠨ ᠪᠠᠢ᠌ᠩᠭ᠋ᠣ ᠶᠢᠨ ᠬᠤᠷᠢ᠍ᠶ᠎ᠠ ᠶᠢᠨ ᠪᠠᠢ᠌ᠭᠤᠯᠭ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ 2018 ᠤᠨ ᠤ ᠠᠷᠠᠳᠴᠢ᠍ᠯᠠᠯᠳ᠋ᠤ ᠠᠮᠢ᠍ᠳ᠋ᠤᠷᠠᠯ ᠤᠨ ᠬᠤᠷᠠᠯ ᠬᠤᠷᠠᠯᠳ᠋ᠤᠭᠤᠯᠪᠠ᠃ ᠬᠤᠰᠢ᠍ᠭᠤᠨ ᠤ ᠠᠷᠠᠣᠨ ᠤᠨ ᠲᠦ᠋ᠯᠣᠭᠡᠯᠡᠭ᠍ᠴᠢ᠍ᠣᠨ ᠤᠨ ᠶᠡᠬᠡ ᠬᠣᠷᠡᠯ ᠤᠨ ᠪᠠᠢ᠌ᠩᠭ᠋ᠣ ᠶᠢᠨ ᠬᠤᠷᠢ᠍ᠶ᠎ᠠ ᠶᠢᠨ ᠪᠠᠢ᠌ᠭᠤᠯᠭ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠱᠦ᠋ᠵᠢ᠂ ᠨᠠᠷᠢ᠍ᠨ ᠪᠢᠴᠢ᠍ᠭ᠌ ᠦᠨ ᠳᠠᠷᠤᠭ᠎ᠠ ᠯᠢ ᠴᠧᠩ ᠭᠦᠸᠸ ᠬᠤᠷᠠᠯ ᠡᠷᠬᠢᠯᠡᠪᠡ᠃ ᠬᠤᠰᠢ᠍ᠭᠤᠨ ᠤ ᠠᠷᠠᠣᠨ ᠤᠨ ᠲᠦ᠋ᠯᠣᠭᠡᠯᠡᠭ᠍ᠴᠢ᠍ᠣᠨ ᠤᠨ ᠶᠡᠬᠡ ᠬᠣᠷᠡᠯ ᠤᠨ ᠪᠠᠢ᠌ᠩᠭ᠋ᠣ ᠶᠢᠨ ᠬᠤᠷᠢ᠍ᠶ᠎ᠠ ᠳᠤ ᠲᠤᠮᠢ᠍ᠯᠠᠭᠳ᠋ᠠᠨ ᠰᠠᠭᠤᠭ᠎ᠠ ᠰᠠᠬᠢᠯᠭ᠎ᠠ ᠪᠠᠳ᠋ᠦ ᠪᠠᠢ᠌ᠴᠠᠭᠠᠬᠤ ᠲᠤᠭᠤᠢ᠌ᠯᠠᠩ ᠤᠨ ᠳᠠᠷᠤᠭ᠎ᠠ ᠠᠨ ᠵᠢᠨ ᠶᠢᠤ ᠬᠤᠷᠠᠯ ᠳᠤ ᠰᠤᠯᠨ ᠤᠷᠤᠯᠴᠠᠵᠤ᠂ ᠦᠨᠡᠯᠡᠯᠳ᠋ᠡ ᠬᠢᠪᠡ᠃


ᠬᠤᠷᠠᠯ ᠳᠡᠭᠡᠷ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠱᠦ᠋ᠵᠢ᠂ ᠨᠠᠷᠢ᠍ᠨ ᠪᠢᠴᠢ᠍ᠭ᠌ ᠦᠨ ᠳᠠᠷᠤᠭ᠎ᠠ ᠯᠢ ᠴᠧᠩ ᠭᠦᠸᠸ ᠡᠴᠡ ᠬᠤᠰᠢ᠍ᠭᠤᠨ ᠤ ᠠᠷᠠᠣᠨ ᠤᠨ ᠲᠦ᠋ᠯᠣᠭᠡᠯᠡᠭ᠍ᠴᠢ᠍ᠣᠨ ᠤᠨ ᠶᠡᠬᠡ ᠬᠣᠷᠡᠯ ᠤᠨ ᠪᠠᠢ᠌ᠩᠭ᠋ᠣ ᠶᠢᠨ ᠬᠤᠷᠢ᠍ᠶ᠎ᠠ ᠶᠢᠨ ᠪᠠᠢ᠌ᠭᠤᠯᠭ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠤᠨ 2017 ᠤᠨ ᠤ ᠠᠷᠠᠳᠴᠢ᠍ᠯᠠᠯᠳ᠋ᠤ ᠠᠮᠢ᠍ᠳ᠋ᠤᠷᠠᠯ ᠤᠨ ᠵᠠᠰᠠᠨ ᠴᠡᠭ᠍ᠴᠡᠯᠡᠵᠦ ᠨᠠᠢ᠌ᠳ᠋ᠠᠪᠦᠷᠢ᠍ᠵᠢ᠍ᠭᠤᠯᠤᠭᠰᠠᠨ ᠪᠠᠢ᠌ᠳ᠋ᠠᠯ᠂ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢ᠍ᠶᠠᠨ ᠤ ᠳᠠᠪᠤᠳ᠋ᠤᠭᠠᠷ ᠲᠤᠭᠤᠷᠢ᠍ᠨ ᠪᠠᠢ᠌ᠴᠠᠭᠠᠬᠤ ᠲᠤᠭᠤᠢ᠌ᠯᠠᠩ ᠤᠨ ᠲᠤᠭᠤᠷᠢ᠍ᠨ ᠪᠠᠢ᠌ᠴᠠᠭᠠᠭᠰᠠᠨ ᠬᠠᠷᠢ᠍ᠭᠤ ᠲᠤᠰᠬᠠᠯ ᠢ ᠨᠠᠢ᠌ᠳ᠋ᠠᠪᠦᠷᠢ᠍ᠵᠢ᠍ᠭᠤᠯᠤᠭᠰᠠᠨ ᠲᠤᠰᠬᠠᠢ ᠰᠡᠳ᠋ᠦᠪᠳ᠋ᠤ ᠠᠷᠠᠳᠴᠢ᠍ᠯᠠᠯᠳ᠋ᠤ ᠠᠮᠢ᠍ᠳ᠋ᠤᠷᠠᠯ ᠪᠠ 2018 ᠤᠨ ᠤ ᠠᠷᠠᠳᠴᠢ᠍ᠯᠠᠯᠳ᠋ᠤ ᠠᠮᠢ᠍ᠳ᠋ᠤᠷᠠᠯ ᠤᠨ ᠰᠠᠨᠠᠯ ᠬᠤᠷᠢ᠍ᠶᠠᠭᠰᠠᠨ ᠪᠠᠢ᠌ᠳ᠋ᠠᠯ ᠢ ᠨᠡᠢ᠌ᠳ᠋ᠡᠯᠡᠪᠡ᠃ ᠯᠢ ᠴᠧᠩ ᠭᠦᠸᠸ ᠬᠤᠰᠢ᠍ᠭᠤᠨ ᠤ ᠠᠷᠠᠣᠨ ᠤᠨ ᠲᠦ᠋ᠯᠣᠭᠡᠯᠡᠭ᠍ᠴᠢ᠍ᠣᠨ ᠤᠨ ᠶᠡᠬᠡ ᠬᠣᠷᠡᠯ ᠤᠨ ᠪᠠᠢ᠌ᠩᠭ᠋ᠣ ᠶᠢᠨ ᠬᠤᠷᠢ᠍ᠶ᠎ᠠ ᠶᠢᠨ ᠪᠠᠢ᠌ᠭᠤᠯᠭ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠢ ᠲᠦ᠋ᠯᠦᠭᠡᠯᠡᠨ᠂ ᠬᠠᠷᠭᠤᠭᠤᠯᠤᠭᠰᠠᠨ ᠪᠠᠢ᠌ᠴᠠᠭᠠᠯᠳ᠋ᠠ ᠬᠢᠭ᠍ᠰᠡᠨ ᠪᠠ ᠬᠤᠪᠢ ᠶᠢᠨ ᠬᠠᠷᠭᠤᠭᠤᠯᠤᠭᠰᠠᠨ ᠪᠠᠢ᠌ᠴᠠᠭᠠᠯᠳ᠋ᠠ ᠬᠢᠭ᠍ᠰᠡᠨ ᠪᠠᠢ᠌ᠨ᠎ᠠ᠃
ᠠᠷᠠᠳᠴᠢ᠍ᠯᠠᠯᠳ᠋ᠤ ᠠᠮᠢ᠍ᠳ᠋ᠤᠷᠠᠯ ᠤᠨ ᠬᠤᠷᠠᠯ ᠳᠡᠭᠡᠷ᠎ᠠ᠂ ᠬᠤᠰᠢ᠍ᠭᠤᠨ ᠤ ᠠᠷᠠᠣᠨ ᠤᠨ ᠲᠦ᠋ᠯᠣᠭᠡᠯᠡᠭ᠍ᠴᠢ᠍ᠣᠨ ᠤᠨ ᠶᠡᠬᠡ ᠬᠣᠷᠡᠯ ᠤᠨ ᠪᠠᠢ᠌ᠩᠭ᠋ᠣ ᠶᠢᠨ ᠬᠤᠷᠢ᠍ᠶ᠎ᠠ ᠶᠢᠨ ᠪᠠᠢ᠌ᠭᠤᠯᠭ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠬᠡᠰᠢ᠍ᠭᠦᠳ ᠡᠴᠡ ᠴᠢ᠍ᠩᠭ᠎ᠠ ᠨᠢ᠍ᠮᠪᠠᠢ ᠬᠠᠷᠭᠤᠭᠤᠯᠤᠭᠰᠠᠨ ᠪᠠᠢ᠌ᠴᠠᠭᠠᠯᠳ᠋ᠠ ᠬᠢᠭ᠍ᠰᠡᠨ ᠪᠠ ᠬᠠᠷᠢ᠍ᠯᠴᠠᠨ ᠰᠢ᠍ᠬᠦᠮᠵᠢ᠍ᠯᠡᠪᠡ᠃ ᠤᠯᠠᠨ ᠶᠢᠡᠷ ᠶᠢᠡᠨ ᠨᠢ᠍ᠭᠡ ᠵᠢᠯ ᠦᠨ ᠲᠤᠷᠰᠢ᠍ᠬᠢ ᠦᠵᠡᠯ ᠰᠠᠨᠠᠭ᠎ᠠ ᠪᠤᠯᠤᠨ ᠠᠵᠢ᠍ᠯ ᠤᠨ ᠪᠤᠳ᠋ᠠᠳ᠋ᠠᠢ ᠲᠡᠶ ᠪᠠᠨ ᠤᠶᠠᠯᠳ᠋ᠤᠭᠤᠯᠤᠨ᠂ ᠨᠢ᠍ᠭᠤᠯ ᠦᠭᠡᠶ ᠶᠠᠷᠢ᠍ᠯᠴᠠᠵᠤ᠂ ᠬᠤᠪᠢ ᠬᠦᠮᠦᠨ ᠤ ᠬᠠᠷᠭᠤᠭᠤᠯᠤᠭᠰᠠᠨ ᠪᠠᠢ᠌ᠴᠠᠭᠠᠯᠳ᠋ᠠ ᠶᠢ ᠨᠢ᠍ᠭᠳ᠋ᠠ ᠴᠢ᠍ᠩᠭ᠎ᠠ ᠬᠢᠵᠤ᠂ ᠰᠢ᠍ᠬᠦᠮᠵᠢ᠍ᠯᠡᠯ ᠪᠠ ᠦᠪᠡᠷ ᠤᠨ ᠰᠢ᠍ᠬᠦᠮᠵᠢ᠍ᠯᠡᠯ ᠢ ᠲᠦ᠋ᠪ ᠴᠢ᠍ᠩᠭ᠎ᠠ ᠦᠷᠨᠢᠬᠦᠯᠵᠤ᠂ ᠦᠵᠡᠯ ᠰᠠᠨᠠᠭᠠᠨ ᠤ ᠰᠤᠯᠢ᠍ᠯᠴᠠᠭᠠᠨ ᠲᠤᠮᠳ᠋ᠠ ᠲᠠᠨᠢᠯᠳᠠ ᠪᠠᠨ ᠬᠦᠨᠵᠡᠭᠡᠢ᠌ᠷᠡᠬᠦᠯᠵᠤ᠂ ᠬᠠᠮᠳ᠋ᠤ ᠶᠢᠨ ᠲᠠᠨᠢᠯᠳᠠ ᠶᠢ ᠪᠤᠢ ᠪᠤᠯᠭᠠᠵᠤ᠂ ᠡᠬᠦᠨ ᠡᠴᠡ ᠬᠤᠢ᠌ᠰᠢ᠍ᠳ᠋ᠠ ᠶᠢᠨ ᠴᠢ᠍ᠷᠮᠠᠢ᠌ᠬᠤ ᠬᠠᠷᠠᠯᠳ᠋ᠠ ᠪᠤᠯᠤᠨ ᠦᠭᠡᠷᠡᠴᠢ᠍ᠯᠡᠨ ᠰᠠᠢ᠌ᠵᠢ᠍ᠷᠠᠭᠤᠯᠬᠤ ᠠᠷᠭ᠎ᠠ ᠠᠪᠴᠠᠯ ᠶᠢᠡᠨ ᠤᠯᠠᠮ ᠨᠢ᠍ᠭᠡ ᠠᠯᠬᠤᠮ ᠲᠤᠳ᠋ᠤᠳᠬᠠᠵᠤ᠂ ᠬᠠᠷᠢ᠍ᠯᠴᠠᠨ ᠬᠠᠪᠰᠤᠷᠤᠯᠴᠠᠴᠤ᠂ ᠬᠠᠷᠢ᠍ᠯᠴᠠᠨ ᠠᠬᠢᠭᠤᠯᠵᠤ᠂ ᠪᠦᠯᠬᠦᠮᠳ᠋ᠡᠨ ᠲᠠᠪᠰᠢ᠍ᠵᠤ᠂ ᠬᠠᠮᠳ᠋ᠤᠪᠠᠷ ᠲᠡᠪᠰᠢ᠍ᠬᠤ ᠬᠠᠷᠠᠯᠳ᠋ᠠ ᠳ᠋ᠠᠭᠠᠨ ᠬᠦᠷᠪᠡ᠃
ᠨᠡᠢ᠌ᠲᠡᠯᠡᠭᠰᠡᠰᠨ ᠴᠠᠭ᠄ 2019-02-03 09:48:01
ᠨᠠᠢ᠌ᠷᠠᠭᠤᠯᠤᠭᠴᠢ᠄ ᠳ᠋ᠠᠢ ᠰᠢᠶᠦ᠋ᠩ
ᠬᠠᠷᠢᠭᠤᠴᠠᠭᠰᠠᠨ ᠨᠠᠢ᠌ᠷᠠᠭᠤᠯᠤᠭᠴᠢ᠄ ᠳ᠋ᠠᠢ ᠰᠢᠶᠦ᠋ᠩ
ᠳᠠᠷᠤᠮ᠄ 1943