ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠪᠠᠢ᠌ᠭᠤᠯᠭ᠎ᠠ ᠴᠠᠭᠠᠨ ᠰᠠᠷ᠎ᠠ ᠡᠴᠡ ᠡᠮᠦᠨᠡᠬᠢ ᠠᠵᠢ᠍ᠯ ᠤᠨ ᠪᠠᠢ᠌ᠷᠢ᠍ᠯᠠᠭᠤᠯᠤᠯᠳ᠋ᠠ ᠶᠢᠨ ᠬᠤᠷᠠᠯ ᠬᠤᠷᠠᠯᠳ᠋ᠤᠭᠤᠯᠤᠭᠰᠠᠨ

        

       ᠴᠠᠭᠠᠨ ᠰᠠᠷ᠎ᠠ ᠶᠢᠨ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠪᠠᠢ᠌ᠭᠤᠯᠭ᠎ᠠ ᠶᠢᠨ ᠡᠯ᠎ᠠ ᠲᠦ᠋ᠷᠦᠯ ᠦᠨ ᠠᠵᠢ᠍ᠯ ᠤᠨ ᠬᠡᠪ ᠦᠨ ᠡᠷᠬᠢᠯᠳ᠋ᠠ ᠶᠢ ᠪᠠᠳ᠋ᠤᠯᠠᠬᠤ ᠶᠢᠨ ᠲᠦ᠋ᠯᠦᠭᠡ᠂2 ᠰᠠᠷ᠎ᠠ ᠶᠢᠨ 3᠋ ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠪᠠᠢ᠌ᠭᠤᠯᠭ᠎ᠠ ᠲᠤᠰᠬᠠᠢ ᠰᠡᠳ᠋ᠦᠪᠲᠦ ᠬᠤᠷᠠᠯ ᠬᠤᠷᠠᠯᠳ᠋ᠤᠭᠤᠯᠵᠤ᠂ ᠪᠠᠶᠠᠷ ᠤᠨ ᠡᠳ᠋ᠦᠷ ᠦᠨ ᠬᠤᠭᠤᠴᠠᠭᠠᠨ ᠤ ᠡᠯ᠎ᠠ ᠲᠦ᠋ᠷᠦᠯ ᠦᠨ ᠠᠵᠢ᠍ᠯ ᠢ ᠪᠠᠢ᠌ᠷᠢ᠍ᠯᠠᠭᠤᠯᠤᠨ ᠲᠤᠬᠢᠷᠠᠭᠤᠯᠪᠠ᠃

        
             ᠬᠤᠷᠠᠯ ᠳᠡᠭᠡᠷ᠎ᠠ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠨᠠᠷᠢ᠍ᠨ ᠪᠢᠴᠢ᠍ᠭ᠌ ᠦᠨ ᠳᠠᠷᠤᠭ᠎ᠠ ᠯᠢ ᠴᠸᠩ ᠭᠦᠸᠸ ᠡᠴᠡ ᠵᠠᠷᠤᠳ ᠬᠤᠰᠢ᠍ᠭᠤᠨ ᠤ ᠰᠠᠬᠢᠯᠭ᠎ᠠ ᠪᠠᠳ᠋ᠦ ᠪᠠᠢ᠌ᠴᠠᠭᠠᠬᠤ ᠬᠤᠷᠢ᠍ᠶ᠎ᠠ ᠶᠢᠨ ᠬᠠᠮᠢ᠍ᠶ᠎ᠠ ᠪᠦᠬᠦᠢ ᠨᠡᠢ᠌ᠳ᠋ᠡᠯᠡᠯ ᠦᠨ ᠪᠢᠴᠢ᠍ᠭ᠌ ᠮᠠᠲ᠋ᠸᠷᠢ᠍ᠶᠠᠯ ᠪᠠ ᠵᠠᠷᠤᠳ ᠬᠤᠰᠢ᠍ᠭᠤᠨ ᠤ ᠠᠯᠪᠠᠨ ᠬᠡᠷᠡᠭᠯᠡᠭᠡᠨ ᠦ ᠲᠡᠷᠭᠡ  ᠬᠡᠷᠡᠭᠯᠡᠬᠦ ᠲᠦ᠋ᠷᠢ᠍ᠮ ᠦᠨ ᠦᠭᠡᠷᠡᠴᠢ᠍ᠯᠡᠯᠳ᠋ᠡ ᠶᠢᠨ ᠤᠳ᠋ᠤᠷᠢ᠍ᠳᠬᠤ ᠪᠠᠭ᠎ᠠ ᠲᠤᠭᠤᠢ᠌ᠯᠠᠩ ᠤᠨ ᠠᠯᠪᠠᠨ ᠭᠡᠷ ᠦᠨ《 ᠴᠠᠭᠠᠨ ᠰᠠᠷ᠎ᠠ ᠶᠢᠨ ᠬᠤᠭᠤᠴᠠᠭᠠᠨ ᠳᠤ ᠠᠯᠪᠠᠨ ᠳᠤ ᠬᠡᠷᠡᠭᠯᠡᠬᠦ ᠲᠡᠷᠭᠡ ᠬᠦᠰᠭᠡ ᠶᠢᠨ ᠬᠠᠮᠢ᠍ᠶᠠᠷᠤᠯᠳ᠋ᠠ ᠶᠢᠨ ᠠᠵᠢ᠍ᠯ ᠢ ᠴᠢ᠍ᠩᠭ᠋ᠠᠳᠬᠠᠬᠤ ᠲᠤᠬᠠᠢ ᠮᠡᠳ᠋ᠡᠭ᠍ᠳ᠋ᠡᠯ》᠋ ᠢ ᠤᠩᠰᠢ᠍ᠨ ᠨᠡᠢ᠌ᠳ᠋ᠡᠯᠡᠪᠡ᠃
          ᠬᠤᠷᠠᠯ ᠡᠴᠡ ᠱᠠᠭᠠᠷᠳ᠋ᠠᠭᠰᠠᠨ ᠨᠢ᠂ᠨᠢ᠍ᠭᠡ ᠳᠤ ᠡᠷᠭᠡᠪᠰᠢ ᠠᠵᠢ᠍ᠯ ᠤᠨ ᠰᠠᠬᠢᠯᠭ᠎ᠠ ᠪᠠᠳ᠋ᠦ ᠶᠢ ᠴᠢ᠍ᠩᠭ᠎ᠠ ᠵᠢᠷᠦᠮᠯᠡᠬᠦ ᠬᠡᠷᠡᠭ᠍ᠲᠡᠢ᠃ ᠬᠤᠶᠠᠷ ᠲᠤ ᠡᠷᠬᠡᠪᠰᠢ ᠠᠮᠠᠷᠠᠯᠳ᠋ᠡ ᠶᠢᠨ ᠬᠤᠭᠤᠴᠠᠭᠠᠨ ᠤ ᠵᠢᠵᠢ᠍ᠭᠦᠷ ᠦᠨ ᠠᠵᠢ᠍ᠯ ᠢ ᠰᠠᠢ᠌ᠳ᠋ᠤᠷ ᠬᠢᠬᠦ ᠬᠡᠷᠡᠭ᠍ᠲᠡᠢ᠃ ᠭᠤᠷᠪᠠ ᠳᠤ ᠡᠷᠭᠡᠪᠰᠢ ᠠᠯᠪᠠᠨ ᠬᠡᠷᠡᠭᠯᠡᠭᠡᠨ ᠦ ᠲᠡᠷᠭᠡ ᠬᠦᠰᠬᠡ ᠶᠢ ᠬᠤᠪᠢ ᠶᠢᠨ ᠶᠠᠪᠤᠳ᠋ᠠᠯ ᠳᠤ ᠵᠠᠷᠤᠬᠤ ᠶᠢ ᠡᠷᠡᠰ ᠰᠡᠷᠬᠡᠢ᠌ᠯᠡᠬᠦ ᠬᠡᠷᠡᠭ᠍ᠲᠡᠢ ᠭᠡᠵᠡᠢ᠃

        


        
            ᠬᠤᠷᠠᠯ ᠤᠨ ᠰᠡᠬᠦᠯ ᠳᠤ᠂ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠪᠠᠢ᠌ᠭᠤᠯᠭ᠎ᠠ  ᠶᠢᠨ ᠨᠠᠮ ᠤᠨ ᠡᠭᠦᠷ ᠦᠨ ᠳᠡᠳ᠋ ᠱᠦ᠋ᠵᠢ ᠹᠦ᠋ ᠶᠢ᠍ᠨ ᠱᠠᠨ《 ᠵᠠᠷᠤᠳ ᠬᠤᠰᠢ᠍ᠭᠤᠨ ᠤ ᠠᠷᠠᠳ ᠤᠨ ᠵᠠᠰᠠᠭ ᠤᠨ ᠤᠷᠳ᠋ᠤᠨ ᠤ ᠪᠦᠬᠦ ᠬᠤᠰᠢ᠍ᠭᠤᠨ ᠤ ᠶᠠᠳ᠋ᠠᠭᠤ ᠡᠴᠡ ᠠᠩᠭᠢᠵᠢ᠍ᠷᠠᠭᠤᠯᠵᠤ ᠪᠤᠭᠤᠮᠳ᠋ᠠ ᠰᠢ᠍ᠪᠲᠤᠯᠬᠤ ᠨᠢ᠍ᠭᠡᠳ᠋ᠦᠭᠡᠷ ᠹᠷᠦᠨᠲ ᠶᠢᠨ ᠺᠠᠲᠷᠴᠤᠳ ᠲᠤ ᠢᠯᠡᠭᠡᠭ᠍ᠰᠡᠨ ᠲᠤᠬᠤᠨᠢ᠍ᠭᠤᠯᠭ᠎ᠠ ᠶᠢᠨ ᠵᠠᠬᠢᠳ᠋ᠠᠯ》᠋᠋ ᠢ ᠤᠩᠰᠢ᠍ᠨ ᠨᠡᠢ᠌ᠳ᠋ᠡᠯᠡᠪᠡ᠃



ᠡᠮᠦᠨᠡᠬᠢ᠄ ᠬᠤᠰᠢ᠍ᠭᠤᠨ ᠤ ᠠᠷᠠᠣᠨ ᠤᠨ ᠲᠦ᠋ᠯᠣᠭᠡᠯᠡᠭ᠍ᠴᠢ᠍ᠣᠨ ᠤᠨ ᠶᠡᠬᠡ ᠬᠣᠷᠡᠯ ᠤᠨ ᠪᠠᠢ᠌ᠩᠭ᠋ᠣ ᠶᠢᠨ ᠬᠤᠷᠢ᠍ᠶ᠎ᠠ ᠶᠢᠨ ᠤᠳ᠋ᠤᠷᠢ᠍ᠳ᠋ᠤᠯᠭ᠎ᠠ ᠪᠣᠯᠭᠣᠭᠠᠨ ᠲᠤᠬᠤᠨᠢᠭᠤᠯᠬᠤ ᠬᠦᠳ᠋ᠡᠯᠬᠡᠬᠡᠨ ᠦᠷᠨᠢᠬᠦᠯᠦᠭ᠍ᠰᠡᠨ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠡᠷᠬᠢᠯᠡᠭ᠍ᠴᠢ ᠪᠠᠶᠠᠨᠰᠠᠩ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠵᠤ ᠠᠶᠤᠯᠬᠦᠢ ᠦᠢ᠍ᠯᠡᠳᠪᠦᠷᠢ᠍ᠯᠡᠯ ᠦᠨ ᠪᠠᠢ᠌ᠴᠠᠭᠠᠯᠳ᠋ᠠ ᠦᠷᠨᠢᠭᠦᠯᠦᠭ᠍ᠰᠡᠨ