ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ《ᠲᠠᠷᠢᠬᠦᠨ ᠤ ᠨᠡᠢᠳᠡᠯᠢᠭ᠌ ᠵᠢᠱᠢᠶᠡᠴᠢ ᠡᠴᠨ ᠰᠤᠷᠤᠯᠴᠠᠨ ᠬᠤᠰᠢᠭᠤᠴᠢ ᠨᠠᠮ ᠤᠨ ᠭᠡᠰᠢᠬᠦᠨ ᠪᠤᠯᠬᠤ》 ᠭᠤᠤᠯ ᠰᠡᠳᠤᠪᠳᠤ ᠨᠠᠮ ᠤᠨ ᠡᠳᠤᠷ ᠤᠨ ᠬᠦᠳᠡᠯᠭᠡᠭᠡᠨ ᠦᠷᠨᠢᠬᠦᠯᠦᠭᠰᠡᠨ
2 ᠰᠠᠷ᠎ᠠ ᠶᠢᠨ 15᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ《ᠲᠠᠷᠢᠬᠦᠨ ᠤ ᠨᠡᠢᠳᠡᠯᠢᠭ ᠵᠢᠱᠢᠶᠡᠴᠢ ᠡᠴᠨ ᠰᠤᠷᠤᠯᠴᠠᠨ ᠬᠤᠰᠢᠭᠤᠴᠢ ᠨᠠᠮ ᠤᠨ ᠭᠡᠰᠢᠬᠦᠨ ᠪᠤᠯᠬᠤ》 ᠭᠤᠤᠯ ᠰᠡᠳᠤᠪᠳᠤ ᠨᠠᠮ ᠤᠨ ᠡᠳᠤᠷ ᠤᠨ ᠬᠦᠳᠡᠯᠭᠡᠭᠡᠨ ᠦᠷᠨᠢᠬᠦᠯᠪᠡ᠃ ᠬᠤᠷᠠᠯ ᠲᠠᠭᠡᠷ᠎ᠠ᠂ ᠨᠠᠮ ᠤᠨ ᠲᠦᠷᠢᠮ ᠤᠨ ᠨᠢᠭᠡᠳᠤᠭᠡᠷ ᠪᠦᠯᠤᠭ᠌ ᠤᠨ ᠠᠭᠤᠯᠭ᠎ᠠ ᠶᠢ ᠰᠤᠷᠤᠯᠴᠠᠬᠤ ᠶᠢᠨ ᠬᠠᠮᠳᠤ᠂ ᠬᠤᠸᠠᠩ ᠴᠢᠶᠦ᠋ᠨ᠂ ᠰᠦᠩ ᠶᠦᠸᠸ ᠼᠠᠢ᠂ ᠵᠢᠶᠠᠩ ᠺᠠᠢ ᠪᠢᠨ ᠵᠡᠷᠭᠡ ᠨᠦᠬᠦᠤᠨ ᠤᠨ ᠬᠠᠷ᠎ᠠ ᠰᠠᠯᠬᠢᠨ ᠪᠤᠯᠤᠨ ᠰᠢᠷᠤᠬᠦᠨ ᠲᠠᠪᠠᠯᠭᠠᠨ ᠳᠤ᠂ ᠶᠠᠭᠤᠨ ᠡᠴᠨ ᠴᠤ ᠠᠶᠤᠬᠤ ᠦᠭᠡᠢ ᠰᠦᠰᠤ ᠵᠤᠷᠢᠭ᠂ ᠤᠯᠤᠰ ᠤᠨ ᠭᠤᠤᠯᠳᠠᠯᠭ᠎ᠠ ᠲᠠᠢ ᠲᠤᠷᠰᠢᠯᠳᠠ ᠶᠢᠨ ᠲᠠᠪᠴᠠᠩ ᠢ ᠬᠠᠮᠠᠭᠠᠯᠠᠬᠤ ᠶᠢᠨ ᠲᠦᠯᠤᠭᠡ ᠡᠷᠡᠯᠭᠡᠭ ᠪᠠᠭᠠᠳᠤᠷᠯᠢᠭ ᠶᠢᠠᠷ ᠪᠠᠶ᠎ᠠ ᠦᠷᠡᠭᠳᠡᠭᠰᠨᠨ ᠠᠭᠤᠤ ᠶᠡᠭᠡ ᠤᠢᠯᠨ ᠠᠵᠢᠯᠯᠠᠭ᠎ᠠ ᠪᠤᠯᠤᠨ ᠸᠠᠩ ᠵᠢᠢ ᠼᠠᠢ ᠨᠦᠬᠦᠷ ᠤᠨ ᠦᠨᠤᠴᠢᠨ ᠠᠷᠠᠯ ᠢ ᠰᠠᠬᠢᠵᠤ ᠤᠯᠤᠰ ᠶᠢᠠᠨ ᠬᠠᠮᠠᠭᠠᠯᠠᠭᠰᠨᠨ 32 ᠵᠢᠯ ᠤᠨ ᠲᠠᠷᠢᠬᠦᠨ ᠤ ᠤᠢᠯᠨ ᠠᠵᠢᠯᠯᠠᠭ᠎ᠠ ᠶᠢ ᠰᠤᠷᠤᠯᠴᠠᠪᠠ᠃ ᠨᠠᠮ ᠤᠨ ᠡᠬᠦᠷ ᠤᠨ ᠱᠦᠵᠢ ᠯᠢ ᠴᠸᠩ ᠬᠦᠸᠸ ᠬᠤᠷᠠᠯ ᠡᠷᠬᠢᠯᠡᠵᠤ᠂ ᠪᠦᠬᠦ ᠨᠠᠮ ᠤᠨ ᠭᠡᠰᠢᠬᠦᠨ ᠺᠠᠳ᠋ᠷ ᠬᠤᠷᠠᠯ ᠳᠤ ᠤᠷᠤᠯᠴᠠᠭᠰᠨᠨ ᠪᠠᠢᠨ᠎ᠡ᠃


ᠬᠤᠷᠠᠯ ᠡᠴᠨ ᠵᠢᠭᠠᠵᠤ ᠭᠠᠷᠭᠠᠭᠰᠨᠨ ᠨᠢ᠂ ᠨᠠᠮ ᠤᠨ ᠭᠡᠰᠢᠬᠦᠨ ᠺᠠᠳ᠋ᠷᠴᠤᠤᠨ ᠬᠤᠸᠠᠩ ᠴᠢᠶᠦ᠋ᠨ᠂ ᠰᠦᠩ ᠶᠦᠸᠸ ᠼᠠᠢ᠂ ᠵᠢᠶᠠᠩ ᠺᠠᠢ ᠪᠢᠨ᠂ ᠸᠠᠩ ᠵᠢᠢ ᠼᠠᠢ ᠵᠡᠷᠭᠡ ᠲᠦᠷᠪᠡᠨ ᠨᠦᠬᠦᠤᠨ ᠶᠢᠠᠷ ᠲᠠᠭᠤᠷᠢᠶᠠᠯ ᠪᠤᠯᠭᠠᠨ᠂ ᠲᠠᠳᠠᠨᠠᠷ ᠤᠨ ᠡᠷᠡᠰ ᠬᠠᠳᠠᠭᠤ ᠢᠳᠡᠭᠡᠯ ᠪᠢᠰᠢᠷᠡᠯ᠂ ᠨᠠᠮ ᠳᠤ ᠦᠨᠡᠨᠴᠢ ᠤᠯᠤᠰ ᠲᠦᠷᠤ ᠶᠢᠨ ᠵᠠᠩ ᠴᠢᠨᠠᠷ ᠢ ᠰᠤᠷᠤᠯᠴᠠᠨ᠂《ᠲᠦᠷᠪᠠᠨ ᠢᠳᠡᠭᠡᠯ》᠋ ᠢ ᠪᠠᠳᠤ ᠪᠤᠯᠭᠠᠵᠤ᠂《ᠬᠤᠶᠠᠷ ᠢ ᠡᠷᠡᠰ ᠬᠠᠮᠠᠭᠠᠯᠠᠬᠤ》᠋ ᠶᠢ ᠨᠠᠢᠳᠠᠪᠤᠷᠢᠵᠢᠭᠤᠯᠤᠨ᠂ ᠲᠠᠳᠠᠨᠠᠷ ᠤᠨ ᠡᠬᠦᠷᠭᠡ ᠲᠤᠰᠢᠶᠠᠯ ᠶᠢᠠᠨ ᠬᠢᠴᠢᠶᠡᠩᠬᠦᠢᠯᠨᠨ ᠬᠦᠢᠴᠡᠳᠭᠡᠳᠬᠦ᠂ ᠠᠵᠢᠯ ᠤᠢᠯᠡᠰ ᠶᠢᠠᠨ ᠡᠷᠬᠢᠮᠯᠡᠬᠦ ᠡᠬᠦᠷᠭᠡ ᠬᠠᠷᠢᠭᠤᠴᠠᠯᠭᠠᠳᠤ ᠵᠤᠷᠢᠭ ᠰᠠᠨᠠᠭ᠎ᠠ ᠶᠢ ᠰᠤᠷᠤᠯᠴᠠᠵᠤ ᠂ ᠪᠤᠳᠠᠳᠠᠢ ᠠᠵᠢᠯᠯᠠᠬᠤ ᠪᠡᠷ ᠬᠠᠷᠢᠭᠤᠴᠠᠯᠭ᠎ᠠ ᠪᠠᠨ ᠲᠤᠳᠤᠷᠬᠠᠢᠯᠨᠨ ᠪᠤᠳᠠᠳᠤ ᠠᠮᠵᠢᠯᠳᠠ ᠶᠢ ᠡᠬᠦᠳᠤᠨ ᠪᠦᠳᠤᠭᠡᠨᠡ᠃ ᠲᠠᠳᠠᠨᠠᠷ ᠤᠨ ᠠᠯᠢᠪᠠ ᠪᠠᠨ ᠵᠤᠷᠢᠭᠤᠯᠬᠤ᠂ ᠦᠷᠡᠭᠳᠡᠬᠦ ᠡᠴᠨ ᠠᠶᠤᠬᠤ ᠦᠭᠡᠢ ᠡᠷᠬᠢᠮ ᠲᠠᠭᠡᠳᠤ ᠦᠵᠡᠯ ᠰᠠᠨᠠᠭ᠎ᠠ ᠶᠢ ᠰᠤᠷᠤᠯᠴᠠᠨ᠂ ᠬᠦᠰᠡᠯ ᠢᠳᠡᠭᠡᠯ ᠪᠢᠰᠢᠷᠡᠯ ᠶᠢᠠᠨ ᠢᠯᠡᠷᠡᠬᠦᠯᠬᠦ ᠬᠦᠳᠡᠯᠭᠡᠬᠦ ᠬᠦᠴᠤᠨ ᠪᠤᠯᠭᠠᠨ᠎ᠡ᠃ ᠲᠠᠳᠠᠨᠠᠷ ᠤᠨ ᠨᠠᠷᠠ ᠠᠰᠢᠭ ᠲᠤ ᠲᠤᠷᠠᠯᠠᠬᠤ ᠦᠭᠡᠢ᠂ ᠠᠷᠢᠭᠤᠨ ᠴᠢᠭᠡᠴᠢ ᠶᠤᠰᠤ ᠰᠤᠷᠳᠠᠬᠤᠨ ᠵᠠᠩ ᠠᠭᠠᠯᠢ ᠶᠢ ᠰᠤᠷᠤᠯᠴᠠᠨ ᠡᠪ ᠬᠠᠮᠳᠤ ᠨᠠᠮ ᠤᠨ ᠤᠯᠤᠰ ᠲᠦᠷᠤ ᠶᠢᠨ ᠤᠭ ᠦᠩᠭᠡ ᠪᠠᠨ ᠢᠮᠠᠭᠳᠠ ᠬᠠᠳᠠᠭᠠᠯᠠᠬᠤ ᠭᠡᠷᠡᠭᠳᠡᠢ ᠭᠡᠵᠡᠢ᠃
ᠨᠠᠮ ᠤᠨ ᠭᠡᠰᠢᠬᠦᠤᠨ ᠡᠴᠨ᠂ ᠲᠠᠳᠠᠨᠠᠷ ᠤᠨ ᠬᠦᠮᠤᠨ ᠪᠦᠷᠢ ᠶᠢᠨ ᠲᠠᠷᠢᠬᠦᠨ ᠤ ᠵᠢᠱᠢᠶᠡᠴᠢ ᠤᠢᠯᠨ ᠠᠵᠢᠯᠯᠠᠭ᠎ᠠ ᠨᠢ ᠬᠦᠮᠤᠰ ᠢ ᠤᠶᠠᠷᠠᠭᠤᠯᠤᠨ ᠪᠢᠰᠢᠷᠡᠬᠦᠯᠤᠨᠡ᠃ ᠲᠠᠷᠢᠬᠦᠨ ᠤ ᠵᠢᠱᠢᠶᠡᠴᠢ ᠪᠡᠷ ᠲᠠᠭᠤᠷᠢᠶᠠᠯ ᠪᠤᠯᠭᠠᠨ᠂ ᠡᠯᠳᠡᠪ ᠤᠨ ᠪᠤᠷᠤᠭᠤ ᠦᠵᠡᠯ ᠰᠠᠨᠠᠭ᠎ᠠ ᠶᠢ ᠠᠷᠢᠯᠭᠠᠵᠤ᠂ ᠠᠵᠢᠯ ᠤᠨ ᠪᠠᠢᠷᠢ ᠶᠢᠨ ᠪᠤᠳᠠᠳᠠᠢ ᠳᠤ ᠵᠤᠭᠰᠤᠨ᠂ ᠡᠬᠦᠷᠭᠡ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠵᠤᠷᠢᠭᠳᠠᠢ ᠪᠡᠷ ᠬᠤᠰᠢᠭᠤᠴᠢᠯᠠᠨ᠂ ᠠᠵᠢᠯ ᠤᠨ ᠪᠠᠢᠷᠢ ᠳᠠᠭᠠᠨ ᠰᠢᠨ᠎ᠡ ᠠᠵᠢᠯᠯᠠᠭ᠎ᠠ ᠭᠠᠷᠭᠠᠨ᠂ ᠰᠢᠨ᠎ᠡ ᠬᠤᠪᠢ ᠨᠡᠮᠡᠷᠢ ᠦᠵᠡᠬᠦᠯᠬᠦ ᠪᠡᠷ ᠴᠢᠷᠮᠠᠢᠨᠡ ᠭᠡᠵᠤ ᠢᠯᠡᠷᠭᠡᠢᠯᠡᠵᠡᠭᠡᠪᠡ᠃
ᠭᠤᠤᠯ ᠰᠡᠳᠤᠪᠳᠤ ᠨᠠᠮ ᠤᠨ ᠡᠳᠤᠷ ᠤᠨ ᠬᠦᠳᠡᠯᠭᠡᠭᠡᠨ ᠦᠷᠨᠢᠬᠦᠯᠬᠦ ᠪᠡᠷ ᠲᠠᠮᠵᠢᠨ᠂ ᠨᠠᠮ ᠤᠨ ᠭᠡᠰᠢᠬᠦᠤᠨ ᠬᠦᠨ ᠬᠦᠨᠵᠡᠭᠡᠢ ᠦᠵᠡᠯ ᠰᠠᠨᠠᠭ᠎ᠠ ᠶᠢᠨ ᠰᠤᠷᠭᠠᠨ ᠬᠦᠮᠤᠵᠢᠯ ᠪᠤᠯᠤᠨ ᠰᠦᠭ ᠰᠦᠨᠡᠰᠤ ᠶᠢᠨ ᠤᠬᠢᠶᠠᠯ ᠬᠦᠷᠳᠡᠵᠤ᠂ ᠲᠠᠷᠢᠬᠦᠨ ᠤ ᠵᠢᠱᠢᠶᠡᠴᠢ ᠪᠡᠷ ᠦᠪᠡᠷ ᠢ ᠪᠠᠨ ᠦᠨᠡᠨᠬᠦ ᠵᠤᠷᠢᠭᠵᠢᠭᠤᠯᠤᠨ᠂ ᠦᠵᠡᠯ ᠰᠠᠨᠠᠭ᠎ᠠ ᠲᠠᠨᠢᠯᠳᠠ ᠪᠤᠯᠤᠨ ᠨᠠᠮᠴᠢ ᠴᠢᠨᠠᠷ ᠤᠨ ᠪᠤᠯᠪᠠᠰᠤᠷᠠᠯ ᠤᠯᠠᠮ ᠨᠢᠭᠡ ᠠᠯᠬᠤᠮ ᠲᠠᠭᠡᠭᠰᠢᠯᠡᠵᠤ᠂ ᠪᠤᠰᠤᠤᠨ ᠢ ᠬᠠᠯᠠᠮᠵᠢᠯᠠᠨ ᠬᠠᠢᠷᠠᠯᠠᠬᠤ ᠶᠢ ᠬᠦᠨᠳᠤᠳᠭᠡᠨ᠂ ᠦᠪᠡᠷ ᠢ ᠪᠠᠨ ᠲᠠᠭᠡᠭᠰᠢᠯᠡᠬᠦᠯᠵᠤ᠂ ᠠᠵᠢᠯ ᠳᠤ ᠢᠳᠡᠪᠬᠢᠳᠠᠢ ᠤᠷᠤᠯᠴᠠᠨ᠂ ᠪᠤᠳᠠᠳᠤ ᠠᠵᠢᠯᠯᠠᠭ᠎ᠠ ᠪᠡᠷ ᠶᠢᠠᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠲᠠᠨᠢᠯᠳᠠ ᠶᠢ ᠪᠤᠢ ᠪᠤᠯᠭᠠᠭᠰᠨᠨ ᠪᠠᠢᠨ᠎ᠡ᠃