ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠡᠷᠬᠢᠯᠡᠭ᠍ᠴᠢ ᠪᠠᠶᠠᠨᠰᠠᠩ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠵᠤ ᠠᠶᠤᠯᠬᠦᠢ ᠦᠢ᠍ᠯᠡᠳᠪᠦᠷᠢ᠍ᠯᠡᠯ ᠦᠨ ᠪᠠᠢ᠌ᠴᠠᠭᠠᠯᠳ᠋ᠠ ᠦᠷᠨᠢᠭᠦᠯᠦᠭ᠍ᠰᠡᠨ

  3 ᠰᠠᠷ᠎ᠠ ᠶᠢᠨ 5 ᠤ ᠡᠳ᠋ᠦᠷ᠂ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠡᠷᠬᠢᠯᠡᠭ᠍ᠴᠢ ᠪᠠᠶᠠᠨᠰᠠᠩ ᠪᠠᠶᠠᠷᠲᠤᠬᠤᠰᠢ᠍ᠭᠤ ᠪᠠᠯᠭᠠᠰᠤᠨ ᠳᠤ ᠭᠦᠨᠵᠡᠭᠡᠢ᠌ᠷᠡᠵᠤ᠂ᠠᠶᠤᠯᠬᠦᠢ ᠦᠢ᠍ᠯᠡᠳᠪᠦᠷᠢ᠍ᠯᠡᠯ ᠦᠨ ᠪᠠᠢ᠌ᠴᠠᠭᠠᠯᠳ᠋ᠠ ᠦᠷᠨᠢᠭᠦᠯᠪᠡ᠃ ᠬᠤᠰᠢ᠍ᠭᠤᠨ ᠤ ᠨᠠᠮ ᠤᠨ ᠬᠤᠷᠢ᠍ᠶ᠎ᠠ ᠶᠢᠨ ᠬᠦᠳ᠋ᠡᠭᠡ ᠲᠤᠰᠬᠤᠨ ᠮᠠᠯᠵᠢ᠍ᠬᠤ ᠤᠷᠤᠨ ᠤ  ᠠᠵᠢᠯ  ᠤᠨ  ᠬᠡᠯᠲᠡᠰ᠂ ᠪᠠᠶᠠᠷᠲᠤᠬᠤᠰᠢ᠍ᠭᠤ ᠪᠠᠯᠭᠠᠰᠤ ᠶᠢᠨ ᠨᠠᠮ ᠤᠨ ᠬᠤᠷᠢ᠍ᠶ᠎ᠠ ᠵᠠᠰᠠᠭ ᠤᠨ ᠤᠷᠳ᠋ᠤᠨ ᠤ ᠭᠤᠤᠯ ᠬᠠᠷᠢ᠍ᠭᠤᠴᠠᠯᠭᠠᠳ᠋ᠠᠨ ᠪᠠᠷ᠎ᠠ ᠪᠤᠯᠤᠨ ᠪᠠᠢ᠌ᠴᠠᠭᠠᠪᠠ᠃
          ᠪᠠᠶᠠᠨᠰᠠᠩ ᠨᠡᠷ ᠤᠷᠢ᠍ᠳ ᠬᠤᠵᠢ᠍ᠳ ᠪᠠᠶᠠᠷᠲᠤᠬᠤᠰᠢ᠍ᠭᠤ ᠪᠠᠯᠭᠠᠰᠤ ᠶᠢᠨ ᠲᠤᠰᠤ ᠨᠡᠮᠡᠬᠦ ᠦᠷᠲᠡᠭᠡ᠂ ᠰᠤᠷᠭᠠᠭᠤᠯᠢ᠂ ᠬᠡᠦᠭᠡᠳ ᠦᠨ ᠴᠡᠴᠡᠷᠯᠢ᠍ᠭ᠌ ᠵᠡᠷᠭᠡ ᠭᠠᠵᠠᠷ ᠲᠤ ᠬᠦᠷᠴᠤ᠂ ᠠᠶᠤᠯᠬᠦᠢ ᠦᠢ᠍ᠯᠡᠳᠪᠦᠷᠢ᠍ᠯᠡᠯ ᠦᠨ ᠬᠠᠮᠢ᠍ᠶᠠᠷᠤᠯᠳ᠋ᠠ ᠶᠢᠨ ᠪᠠᠢ᠌ᠳ᠋ᠠᠯ ᠢ ᠲᠤᠬᠠᠢ ᠶᠢᠨ ᠭᠠᠵᠠᠷ ᠲᠤ ᠨᠢ ᠪᠠᠢ᠌ᠴᠠᠭᠠᠨ ᠦᠵᠡᠵᠤ᠂ ᠭᠠᠯ ᠰᠡᠷᠭᠡᠢ᠌ᠯᠡᠯᠳ᠋ᠡ ᠶᠢᠨ ᠲᠦ᠋ᠬᠦᠭᠡᠷᠦᠮᠵᠢ᠂ ᠬᠤᠭᠤᠯᠠᠨ ᠲᠠᠩᠬᠢᠮ ᠤᠨ ᠢᠳ᠋ᠡᠭᠡᠨ ᠤᠮᠳ᠋ᠠᠭᠠᠨ ᠤ ᠠᠷᠢ᠍ᠭᠤᠨ ᠴᠡᠪᠡᠷ ᠵᠡᠷᠭᠡ ᠳᠤ ᠪᠠᠢ᠌ᠴᠠᠭᠠᠯᠳ᠋ᠠ ᠬᠢᠬᠦ ᠶᠢᠨ ᠬᠠᠮᠳ᠋ᠤ ᠬᠠᠮᠢ᠍ᠶ᠎ᠠ ᠪᠦᠬᠦᠢ ᠬᠠᠷᠢ᠍ᠭᠤᠴᠠᠯᠭᠠᠳ᠋ᠠᠨ ᠤ ᠠᠵᠢ᠍ᠯ ᠤᠨ ᠬᠠᠷᠢ᠍ᠭᠤ ᠮᠡᠳ᠋ᠡᠭᠦᠯᠦᠯᠳ᠋ᠡ ᠶᠢ ᠨᠠᠷᠢ᠍ᠨ ᠬᠢᠨᠠᠮᠠᠭᠠᠢ ᠰᠤᠨᠤᠰᠤᠭᠰᠠᠨ ᠪᠠᠢ᠌ᠨ᠎ᠠ᠃
         ᠪᠠᠶᠠᠨᠰᠠᠩ ᠪᠠᠢ᠌ᠴᠠᠭᠠᠯᠳ᠋ᠠ ᠲᠤᠮᠳ᠋ᠡ ᠴᠢ᠍ᠩᠭ᠋ᠠᠳᠬᠠᠭᠰᠠᠨ ᠨᠢ᠂ ᠡᠷᠬᠡᠪᠰᠢ ᠠᠶᠤᠯᠬᠦᠢ ᠦᠢ᠍ᠯᠡᠳᠪᠦᠷᠢ᠍ᠯᠡᠯ ᠦᠨ ᠠᠵᠢ᠍ᠯ ᠤᠨ ᠴᠢ᠍ᠬᠤᠯᠨ ᠴᠢ᠍ᠨᠠᠷ ᠢ ᠬᠦᠢ᠍ᠴᠡᠳ ᠲᠠᠨᠢᠵᠤ᠂ ᠭᠤᠤᠯᠳ᠋ᠠᠯᠭ᠎ᠠ ᠲᠡᠶ ᠠᠵᠢ᠍ᠯ ᠦᠢ᠍ᠯᠡᠰ᠂ ᠭᠤᠤᠯᠳ᠋ᠠᠯᠭ᠎ᠠ ᠲᠡᠶ ᠤᠷᠤᠨ ᠲᠤᠭᠤᠷᠢ᠍ᠭ᠂ ᠭᠤᠤᠯᠳ᠋ᠠᠯᠭ᠎ᠠ ᠲᠡᠶ ᠬᠦᠷᠢ᠍ᠶ᠎ᠠ ᠴᠠᠷᠢᠶ᠎ᠠ ᠶᠢᠨ ᠠᠶᠤᠯᠬᠦᠢ ᠦᠢ᠍ᠯᠡᠳᠪᠦᠷᠢ᠍ᠯᠡᠯ ᠦᠨ ᠬᠠᠮᠢ᠍ᠶᠠᠷᠤᠯᠳ᠋ᠠ ᠶᠢᠨ ᠪᠠᠢ᠌ᠳ᠋ᠠᠯ ᠢ ᠤᠨᠤᠪᠴᠢ᠍ᠲᠠᠢ ᠡᠵᠡᠮᠳ᠋ᠡᠵᠤ᠂ ᠠᠰᠠᠭᠤᠳ᠋ᠠᠯ ᠤᠨ ᠳᠠᠩᠰᠠ ᠡᠪᠬᠡᠮᠡᠯ ᠢ ᠪᠠᠢ᠌ᠭᠤᠯᠵᠤ ᠲᠡᠭᠦᠯᠳ᠋ᠡᠷᠵᠢ᠍ᠭᠦᠯᠦᠨ᠂ ᠴᠡᠭ᠍ᠴᠡᠯᠡᠨ ᠵᠠᠰᠠᠬᠤ ᠲᠦ᠋ᠷᠢ᠍ᠮ ᠢ ᠨᠠᠢ᠌ᠳ᠋ᠠᠪᠦᠷᠢ᠍ᠵᠢ᠍ᠭᠤᠯᠵᠤ᠂ ᠲᠦ᠋ᠷᠢ᠍ᠮ ᠲᠤᠭᠳ᠋ᠠᠭᠠᠯ ᠶᠤᠰᠤᠭᠠᠷ ᠠᠵᠢ᠍ᠯ  ᠢᠶᠠᠨ ᠶᠠᠪᠤᠭᠳ᠋ᠠᠭᠤᠯᠬᠤ ᠬᠡᠷᠡᠭ᠍ᠲᠡᠢ᠂ ᠬᠠᠮᠢ᠍ᠶ᠎ᠠ ᠪᠦᠬᠦᠢ ᠬᠠᠷᠢ᠍ᠭᠤᠴᠠᠯᠭᠠᠳ᠋ᠤ ᠪᠠᠢ᠌ᠭᠤᠯᠭ᠎ᠠ ᠡᠷᠬᠡᠪᠰᠢ ᠠᠶ‍ᠦᠯᠬᠦᠢ ᠦᠢ᠍ᠯᠡᠳᠪᠦᠷᠢ᠍ᠯᠡᠯ ᠦᠨ ᠶᠠᠪᠤᠴᠠ ᠳ᠋ᠡᠬᠢ ᠬᠠᠤᠯᠢ ᠲᠦ᠋ᠷᠢ᠍ᠮ ᠡᠴᠡ ᠵᠦ᠋ᠷᠢ᠍ᠴᠡᠭ᠍ᠰᠡᠨ ᠦᠢ᠍ᠯᠡ ᠠᠵᠢ᠍ᠯᠯᠠᠭ᠎ᠠ ᠳᠤ ᠴᠢ᠍ᠩᠭ᠎ᠠ ᠴᠤᠬᠢᠯᠳ᠋ᠡ ᠦᠭ᠍ᠴᠦ᠂ ᠠᠶ‍ᠦᠯᠬᠦᠢ ᠦᠢ᠍ᠯᠡᠳᠪᠦᠷᠢ᠍ᠯᠡᠯ ᠦᠨ ᠨᠦ᠋ᠬᠦᠴᠡᠯ ᠳᠤ ᠵᠤᠬᠢᠴᠠᠬᠤ ᠦᠭᠡᠶ ᠶᠢ ᠨᠢ ᠡᠷᠡᠰ ᠴᠢ᠍ᠩᠭ᠎ᠠ ᠬᠤᠷᠢ᠍ᠭᠯᠠᠨ ᠵᠤᠭᠰᠤᠭᠠᠬᠤ ᠬᠡᠷᠡᠭ᠍ᠲᠡᠢ ᠭᠡᠵᠡᠢ᠃

             


     


     


   


   


   



ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠪᠠᠢ᠌ᠭᠤᠯᠭ᠎ᠠ ᠴᠠᠭᠠᠨ ᠰᠠᠷ᠎ᠠ ᠡᠴᠡ ᠡᠮᠦᠨᠡᠬᠢ ᠠᠵᠢ᠍ᠯ ᠤᠨ ᠪᠠᠢ᠌ᠷᠢ᠍ᠯᠠᠭᠤᠯᠤᠯᠳ᠋ᠠ ᠶᠢᠨ ᠬᠤᠷᠠᠯ ᠬᠤᠷᠠᠯᠳ᠋ᠤᠭᠤᠯᠤᠭᠰᠠᠨ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠭᠤᠯᠭ᠎ᠠ ᠶᠢᠨ ᠨᠠᠮ ᠤᠨ ᠡᠬᠦᠷ ᠡᠴᠨ ᠪᠦᠬᠦ ᠺᠠᠳ᠋ᠷ ᠠᠵᠢ᠍ᠯᠳ᠋ᠠᠨ ᠶᠢᠡᠨ ᠵᠤᠬᠢᠶᠠᠨ ᠪᠠᠢ᠌ᠭᠤᠯᠵᠤ ᠠᠷᠪᠠᠨ ᠭᠤᠷᠪᠠᠳ᠋ᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠬᠤᠶᠠᠳ᠋ᠤᠭᠠᠷ ᠬᠤᠷᠠᠯᠳ᠋ᠤᠭᠠᠨ ᠤ ᠬᠤᠷᠠᠯ ᠡᠬᠢᠯᠡᠬᠦ ᠰᠢ᠍ᠭᠤᠤᠨ ᠨᠡᠪᠳ᠋ᠡᠷᠡᠬᠦᠯᠭᠡ ᠶᠢ ᠦᠵᠡᠭ᠍ᠰᠨᠨ