ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠪᠠᠢ᠌ᠭᠤᠯᠭ᠎ᠠ〈ᠳᠦ᠋ᠷᠪᠡᠨ ᠨᠤᠶᠠᠨᠴᠢ〉 ᠠᠰᠠᠭᠤᠳ᠋ᠠᠯ ᠪᠠ ᠰᠠᠬᠢᠯᠭ᠎ᠠ ᠪᠠᠳ᠋ᠦ ᠰᠤᠷᠳ᠋ᠠᠯ ᠤᠨ ᠠᠰᠠᠭᠤᠳ᠋ᠠᠯ ᠢ ᠴᠡᠭ᠍ᠴᠡᠯᠡᠨ ᠵᠠᠰᠠᠬᠤ ᠲᠤᠰᠬᠠᠢ ᠰᠡᠳ᠋ᠦᠪᠳ᠋ᠤ ᠬᠤᠷᠠᠯ ᠬᠤᠷᠠᠯᠳ᠋ᠤᠭᠤᠯᠤᠭᠰᠠᠨ
2 ᠰᠠᠷ᠎ᠠ ᠶᠢᠨ 22᠋ ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠪᠠᠢ᠌ᠭᠤᠯᠭ᠎ᠠ《 〈ᠳᠦ᠋ᠷᠪᠡᠨ ᠨᠤᠶᠠᠨᠴᠢ〉》 ᠠᠰᠠᠭᠤᠳ᠋ᠠᠯ ᠪᠠ ᠰᠠᠬᠢᠯᠭ᠎ᠠ ᠪᠠᠳ᠋ᠦ ᠰᠤᠷᠳ᠋ᠠᠯ ᠤᠨ ᠠᠰᠠᠭᠤᠳ᠋ᠠᠯ ᠢ ᠴᠡᠭ᠍ᠴᠡᠯᠡᠨ ᠵᠠᠰᠠᠬᠤ ᠲᠤᠰᠬᠠᠢ ᠰᠡᠳ᠋ᠦᠪᠳ᠋ᠤ ᠬᠤᠷᠠᠯ ᠬᠤᠷᠠᠯᠳ᠋ᠤᠭᠤᠯᠵᠤ᠂ ᠬᠤᠰᠢ᠍ᠭᠤᠨ ᠤ ᠰᠠᠬᠢᠯᠭ᠎ᠠ ᠪᠠᠳ᠋ᠦ ᠪᠠᠢ᠌ᠴᠠᠭᠠᠬᠤ ᠬᠤᠷᠢ᠍ᠶᠠᠨ ᠤ《 〈ᠳᠦ᠋ᠷᠪᠡᠨ ᠨᠤᠶᠠᠨᠴᠢ〉 ᠠᠰᠠᠭᠤᠳ᠋ᠠᠯ ᠢ ᠭᠦᠨᠵᠡᠭᠡᠢ ᠴᠡᠭ᠍ᠴᠡᠯᠡᠨ ᠵᠠᠰᠠᠵᠤ ᠪᠠᠢ᠌ᠭᠤᠯᠭ᠎ᠠ ᠪᠠ ᠦᠨᠳ᠋ᠦᠰᠦᠨ ᠱᠠᠳ᠋ᠤᠨ ᠤ ᠤᠯᠤᠰ ᠲᠦ᠋ᠷᠦ ᠶᠢᠨ ᠠᠮᠢ ᠠᠬᠤᠢ ᠶᠢ ᠴᠡᠪᠡᠷᠰᠢ᠍ᠬᠦᠯᠬᠦ ᠬᠡᠷᠡᠭ᠍ᠵᠢ᠍ᠭᠦᠯᠦᠯᠳ᠋ᠡ ᠶᠢᠨ ᠲᠦ᠋ᠰᠦᠯ ᠢ ᠲᠠᠷᠤᠮᠠᠯᠯᠠᠨ ᠲᠠᠷᠬᠠᠭᠠᠬᠤ ᠲᠤᠬᠠᠢ ᠮᠡᠳ᠋ᠡᠭ᠍ᠳ᠋ᠡᠯ》 《 ᠵᠠᠷᠤᠳ ᠬᠤᠰᠢ᠍ᠭᠤᠨ ᠤ ᠰᠠᠬᠢᠯᠭ᠎ᠠ ᠪᠠᠳ᠋ᠦ ᠰᠤᠷᠳ᠋ᠠᠯ ᠤᠨ ᠠᠰᠠᠭᠤᠳ᠋ᠠᠯ ᠢ ᠲᠦ᠋ᠪᠯᠡᠷᠡᠩᠬᠦᠢ ᠴᠡᠭ᠍ᠴᠡᠯᠡᠨ ᠵᠠᠰᠠᠬᠤ ᠠᠵᠢ᠍ᠯᠯᠠᠭ᠎ᠠ ᠶᠢᠨ ᠬᠡᠷᠡᠭ᠍ᠵᠢ᠍ᠭᠦᠯᠦᠯᠳ᠋ᠡ ᠶᠢᠨ ᠲᠦ᠋ᠰᠦᠯ ᠦᠨ ᠮᠡᠳ᠋ᠡᠭ᠍ᠳ᠋ᠡᠯ》 ᠵᠡᠷᠭᠡ ᠬᠤᠶᠠᠷ ᠲᠦ᠋ᠷᠦᠯ ᠦᠨ ᠠᠭᠤᠯᠭ᠎ᠠ ᠶᠢ ᠨᠠᠷᠢ᠍ᠨ ᠬᠢᠨᠠᠮᠠᠭᠠᠢ ᠰᠤᠷᠤᠯᠴᠠᠪᠠ᠃ ᠬᠤᠷᠠᠯ ᠢ ᠨᠠᠮ ᠤᠨ ᠡᠭᠦᠷ ᠦᠨ ᠱᠦ᠋ᠵᠢ ᠯᠢ ᠴᠧᠩ ᠭᠦᠸᠸ ᠡᠷᠬᠢᠯᠡᠵᠤ᠂ ᠪᠠᠢ᠌ᠭᠤᠯᠭ᠎ᠠ ᠳᠤ ᠲᠤᠮᠢ᠍ᠯᠠᠭᠳ᠋ᠠᠨ ᠰᠠᠭᠤᠭ᠎ᠠ ᠰᠠᠬᠢᠯᠭ᠎ᠠ ᠪᠠᠳ᠋ᠦ ᠪᠠᠢ᠌ᠴᠠᠭᠠᠬᠤ ᠲᠤᠭᠤᠢ᠌ᠯᠠᠩ ᠤᠨ ᠱᠦ᠋ᠵᠢ ᠠᠨ ᠵᠢᠨ ᠶᠢ᠍ᠤ ᠵᠢᠴᠢ ᠪᠦᠬᠦ ᠺᠠᠲᠷ ᠠᠵᠢ᠍ᠯᠳ᠋ᠡᠳ ᠬᠤᠷᠠᠯ ᠳᠤ ᠤᠷᠤᠯᠴᠠᠪᠠ᠃



ᠬᠤᠷᠠᠯ ᠳᠡᠭᠡᠷ᠎ᠠ᠂ᠪᠠᠢ᠌ᠭᠤᠯᠭ᠎ᠠ ᠳᠤ ᠲᠤᠮᠢ᠍ᠯᠠᠭᠳ᠋ᠠᠨ ᠰᠠᠭᠤᠭ᠎ᠠ ᠰᠠᠬᠢᠯᠭ᠎ᠠ ᠪᠠᠳ᠋ᠦ ᠪᠠᠢ᠌ᠴᠠᠭᠠᠬᠤ ᠲᠤᠭᠤᠢ᠌ᠯᠠᠩ ᠤᠨ ᠱᠦ᠋ᠵᠢ ᠠᠨ ᠵᠢᠨ ᠶᠢ᠍ᠤ ᠴᠢ᠍ᠩᠭ᠋ᠠᠳᠬᠠᠭᠰᠠᠨ ᠨᠢ᠂ ᠨᠢ᠍ᠭᠡ ᠳᠤ ᠡᠷᠭᠡᠪᠰᠢ ᠤᠯᠤᠰ ᠲᠦ᠋ᠷᠦ ᠶᠢᠨ ᠵᠤᠭᠰᠤᠴᠨ ᠪᠠᠨ ᠳᠡᠭᠡᠭ᠍ᠰᠢ᠍ᠯᠡᠭᠦᠯᠦᠨ᠂ ᠲᠤᠰ ᠲᠦ᠋ᠷᠦᠯ ᠦᠨ ᠠᠵᠢ᠍ᠯ ᠳᠤ ᠨᠠᠷᠢ᠍ᠨ ᠬᠢᠨᠠᠮᠠᠭᠠᠢ ᠬᠠᠨᠳ᠋ᠤᠵᠤ᠂ ᠲᠤᠬᠢᠲᠠᠢ ᠪᠠᠢ᠌ᠷᠢ᠍ᠯᠠᠭᠤᠯᠤᠨ᠂ ᠭᠤᠢ᠌ᠪᠢᠰᠢ ᠦᠭᠡᠶ ᠲᠤᠭᠤᠰᠢ᠍ᠯᠠᠭᠤᠯᠬᠤ ᠶᠢ ᠪᠡᠶᠡᠯᠡᠬᠦᠯᠬᠦ ᠬᠡᠷᠡᠭ᠍ᠲᠡᠢ᠂ ᠬᠤᠶᠠᠷ ᠲᠤ ᠠᠵᠢ᠍ᠯ ᠤᠨ ᠲᠤᠭᠤᠢ᠌ᠯᠠᠩ ᠬᠠᠮᠢ᠍ᠶ᠎ᠠ ᠪᠦᠬᠦᠢ ᠪᠢᠴᠢ᠍ᠭ᠌ ᠮᠠᠲ᠋ᠸᠷᠢ᠍ᠶᠠᠯ ᠤᠨ ᠱᠠᠭᠠᠷᠳ᠋ᠠᠯᠭ᠎ᠠ ᠶᠤᠰᠤᠭᠠᠷ ᠠᠵᠢ᠍ᠯ ᠶᠢᠡᠨ ᠴᠢ᠍ᠩᠭ᠎ᠠ ᠦᠷᠨᠢᠭᠦᠯᠵᠤ᠂ ᠪᠠᠶᠠᠷ ᠲᠤᠷᠠᠰᠬᠠᠯ ᠤᠨ ᠡᠳ᠋ᠦᠷ ᠤᠨ ᠳᠠᠷᠠᠭᠠᠬᠢ ᠰᠠᠨᠠᠭ᠎ᠠ ᠰᠡᠳᠬᠢᠯ ᠲᠠᠯᠪᠢᠭᠤᠷᠠᠭᠰᠠᠨ᠂ ᠠᠵᠢ᠍ᠯ ᠤᠨ ᠴᠠᠭ ᠲᠤ ᠠᠷᠢ᠍ᠬᠢ ᠤᠤᠭᠤᠬᠤ᠂ ᠰᠦ᠋ᠯᠵᠢ᠍ᠶ᠎ᠠ ᠳᠡᠭᠡᠷ᠎ᠠ ᠨᠠᠭᠠᠳ᠋ᠤᠮ ᠲᠤᠭᠯᠠᠭᠠᠮ ᠨᠠᠭᠠᠳᠬᠤ᠂ ᠠᠵᠢ᠍ᠯ ᠲᠡᠶ ᠬᠤᠯᠪᠤᠭᠳ᠋ᠠᠬᠤ ᠦᠭᠡᠶ ᠦᠢ᠍ᠯᠡ ᠠᠵᠢ᠍ᠯᠯᠠᠭ᠎ᠠ᠂ ᠠᠵᠢ᠍ᠯ ᠳᠤ ᠪᠠᠨ ᠬᠠᠷᠢ᠍ᠭᠤᠴᠠᠯᠭ᠎ᠠ ᠦᠭᠡᠶ ᠠᠯᠵᠠᠭᠤ ᠵᠠᠯᠬᠠᠭᠤ᠂ ᠬᠠᠤᠯᠢ ᠪᠤᠰᠤ ᠪᠡᠷ〈 ᠶᠡᠭᠡ ᠫᠧᠩ ᠰᠠᠷᠠᠪᠴᠢ᠍ᠳ᠋ᠤ ᠭᠡᠷ〉ᠪᠠᠢ᠌ᠭᠤᠯᠤᠭᠰᠠᠨ ᠵᠡᠷᠭᠡ ᠠᠰᠠᠭᠤᠳ᠋ᠠᠯ ᠳᠤ ᠭᠤᠤᠯᠳ᠋ᠠᠯᠭ᠎ᠠ ᠲᠡᠶ ᠴᠢᠭ᠍ᠯᠡᠬᠦᠯᠦᠨ ᠲᠦ᠋ᠪᠯᠡᠷᠡᠩᠬᠦᠢ ᠪᠠᠢ᠌ᠴᠠᠭᠠᠨ᠎ᠠ᠂ ᠭᠤᠷᠪᠠ ᠳᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠪᠠᠢ᠌ᠭᠤᠯᠭ᠎ᠠ ᠡᠷᠬᠡᠪᠰᠢ ᠦᠪᠡᠷᠳ᠋ᠡᠭᠡᠨ ᠪᠠᠢ᠌ᠴᠠᠭᠠᠨ ᠢᠯᠡᠷᠡᠭᠦᠯᠦᠭ᠍ᠰᠡᠨ ᠠᠰᠠᠭᠤᠳ᠋ᠠᠯ ᠳᠤ ᠴᠢᠭ᠍ᠯᠡᠬᠦᠯᠦᠨ ᠴᠡᠭ᠍ᠴᠡᠯᠡᠨ ᠵᠠᠰᠠᠵᠤ ᠬᠠᠷᠢ᠍ᠭᠤᠴᠠᠯᠭ᠎ᠠ ᠨᠡᠬᠡᠮᠵᠢ᠍ᠯᠡᠬᠦ ᠬᠦᠴᠦᠨ ᠶᠢᠠᠨ ᠶᠡᠭᠡᠰᠬᠡᠨ᠂ ᠠᠵᠢ᠍ᠯ ᠳᠤ ᠠᠰᠢ᠍ᠭ ᠦᠭᠡᠶ᠂ᠦᠨᠡᠨᠴᠢ ᠪᠤᠰᠤ ᠤᠳ᠋ᠤᠷᠢ᠍ᠳ᠋ᠤᠯᠭ᠎ᠠ ᠺᠠᠲᠷ ᠢ ᠴᠢ᠍ᠩᠭ᠎ᠠ ᠰᠢ᠌ᠳᠪᠦᠷᠢ᠍ᠯᠡᠬᠦ ᠬᠡᠷᠡᠭ᠍ᠲᠡᠢ᠂ ᠳᠦ᠋ᠷᠪᠠ ᠳᠤ ᠡᠷᠬᠡᠪᠰᠢ ᠦᠨᠳ᠋ᠦᠷ ᠬᠢᠷᠢ ᠪᠦᠲᠦᠮᠵᠢ᠍ᠳ᠋ᠤ ᠬᠡᠷᠡᠭ᠍ᠵᠢ᠍ᠬᠦᠯᠬᠦ ᠲᠦ᠋ᠰᠦᠯ ᠭᠠᠷᠭᠠᠨ᠂ ᠨᠠᠢ᠌ᠳ᠋ᠠᠪᠦᠷᠢ᠍ᠵᠢ᠍ᠭᠤᠯᠤᠯᠳ᠋ᠠ ᠶᠢ ᠰᠠᠢ᠌ᠳ᠋ᠤᠷ ᠠᠳᠬᠤᠵᠤ᠂ ᠬᠠᠮᠢ᠍ᠶ᠎ᠠ ᠪᠦᠬᠦᠢ ᠪᠢᠴᠢ᠍ᠭ᠌ ᠮᠠᠲ᠋ᠸᠷᠢ᠍ᠶᠠᠯ ᠤᠨ ᠱᠠᠭᠠᠷᠳ᠋ᠠᠯᠭ᠎ᠠ ᠶᠤᠰᠤᠭᠠᠷ ᠳ᠋ᠦ᠋ᠩᠨᠡᠯᠲᠡ ᠶᠢᠨ ᠠᠵᠢ᠍ᠯ ᠢ ᠰᠠᠢ᠌ᠳ᠋ᠤᠷ ᠬᠢᠵᠤ᠂ ᠴᠡᠭ᠍ᠴᠡᠯᠡᠨ ᠵᠠᠰᠠᠭᠰᠠᠨ ᠠᠵᠢ᠍ᠯᠯᠠᠭ᠎ᠠ ᠶᠢᠨ ᠳ᠋ᠦ᠋ᠩᠨᠡᠯᠲᠡ ᠶᠢᠨ ᠮᠡᠳ᠋ᠡᠭᠦᠯᠦᠯᠳ᠋ᠡ ᠪᠠᠨ ᠬᠣᠰᠢ᠍ᠭᠤᠨ ᠤ ᠰᠠᠬᠢᠯᠭ᠎ᠠ ᠪᠠᠳ᠋ᠦ ᠪᠠᠢ᠌ᠴᠠᠭᠠᠬᠤ ᠬᠤᠷᠢ᠍ᠶᠠᠨ ᠤ ᠨᠠᠮ ᠤᠨ ᠰᠤᠷᠳ᠋ᠠᠯ ᠵᠠᠰᠠᠭ ᠤᠨ ᠰᠤᠷᠳ᠋ᠠᠯ ᠤᠨ ᠬᠢᠨᠠᠨ ᠪᠠᠢ᠌ᠴᠠᠭᠠᠬᠤ ᠠᠯᠪᠠᠨ ᠭᠡᠷ ᠲᠤ ᠬᠦᠷᠬᠡᠬᠦ ᠬᠡᠷᠡᠭ᠍ᠲᠡᠢ ᠭᠡᠵᠡᠢ᠃