ᠤᠳᠤ ᠶᠢᠨ ᠪᠠᠢ᠌ᠷᠢ᠄ ᠲᠤᠢ᠌ᠮᠤ ᠪᠠᠢ᠌ᠳᠠᠯ → ᠲᠦᠩᠯᠢᠶᠤᠤ ᠬᠤᠳᠠ ᠶᠢᠨ ᠠᠷᠠᠳ ᠤᠨ ᠲᠦᠯᠤᠭᠡᠯᠡᠭᠴᠢᠳ ᠤᠨ᠁
ᠲᠦᠩᠯᠢᠶᠤᠤ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ
           

  ᠲᠦᠩᠯᠢᠶᠤᠤ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯ ᠲᠦᠩᠯᠢᠶᠤᠤ ᠬᠤᠳᠠ ᠶᠢᠨ ᠤᠯᠤᠰ ᠤᠨ ᠡᠷᠭᠡᠳᠤ ᠪᠠᠢ᠌ᠭᠤᠯᠤᠯᠭ᠎ᠠ᠃ ᠲᠦᠩᠯᠢᠶᠤᠤ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠵᠢ ᠲᠤᠰ ᠤᠷᠤᠨ ᠤ ᠰᠤᠩᠭᠤᠭᠤᠯᠢ ᠶᠢᠨ ᠠᠷᠠᠳ ᠡᠴᠨ ᠰᠢᠭᠤᠤᠨ ᠰᠤᠩᠭᠤᠨ ᠭᠠᠷᠭᠠᠵᠤ᠂ ᠲᠤᠰᠢᠶᠠᠯ ᠤᠨ ᠬᠤᠭᠤᠴᠠᠭ᠎ᠠ ᠨᠢ ᠪᠦᠷ ᠲᠠᠪᠤᠨ ᠵᠢᠯ ᠪᠤᠯᠤᠨ᠎ᠡ᠃ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠤᠷᠠᠯ ᠢ ᠵᠢᠯ ᠳᠤ ᠪᠠᠭ᠎ᠠ ᠳᠠᠭᠠᠨ ᠨᠢᠭᠡ ᠤᠳᠠᠭ᠎ᠠ ᠬᠤᠷᠠᠯᠳᠤᠭᠤᠯᠤᠨ᠎ᠡ᠃ 1/5 ᠡᠴᠨ ᠲᠠᠭᠡᠭᠰᠢ ᠲᠦᠯᠤᠭᠡᠯᠡᠭᠴᠢ ᠲᠤᠷᠠᠳᠤᠯᠭ᠎ᠠ ᠲᠤᠷᠠᠳᠤᠪᠠᠯ᠂ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠤᠷᠠᠯ ᠢ ᠲᠦᠷ ᠬᠤᠷᠠᠯᠳᠤᠭᠤᠯᠵᠤ ᠪᠤᠯᠤᠨ᠎ᠡ᠃ ᠬᠤᠷᠠᠯ ᠢ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢ᠌ᠩᠭᠤ ᠶᠢᠨ ᠪᠠᠢ᠌ᠭᠤᠯᠤᠯᠭ᠎ᠠ ᠪᠤᠯᠬᠤ ᠲᠤᠰ ᠤᠷᠤᠨ ᠲᠤᠭᠤᠷᠢᠭ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢ᠌ᠩᠭᠤ ᠶᠢᠨ ᠬᠤᠷᠢᠶ᠎ᠠ ᠡᠴᠨ ᠬᠤᠷᠠᠯᠳᠤᠭᠤᠯᠤᠨ᠎ᠡ᠃
       ᠲᠦᠩᠯᠢᠶᠤᠤ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠲᠤᠤᠷᠠᠬᠢ ᠡᠷᠭᠡ ᠲᠤᠰᠢᠶᠠᠯ ᠢ ᠭᠡᠷᠡᠭᠵᠢᠬᠦᠯᠤᠨ᠎ᠡ᠄
       ᠨᠢᠭᠡ᠂ ᠲᠤᠰ ᠵᠠᠰᠠᠭ ᠵᠠᠬᠢᠷᠭᠠᠨ ᠤ ᠭᠡᠪᠴᠢᠶᠠᠨ ᠲᠤᠳᠤᠷ᠎ᠠ᠂ ᠦᠨᠳᠤᠰᠤᠨ ᠬᠠᠤᠯᠢ᠂ ᠬᠠᠤᠯᠢ ᠴᠠᠭᠠᠵᠨ᠂ ᠵᠠᠰᠠᠭ ᠵᠠᠬᠢᠷᠭᠠᠨ ᠤ ᠬᠠᠤᠯᠢ ᠲᠦᠷᠢᠮ ᠪᠤᠯᠤᠨ ᠲᠠᠭᠡᠷ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠵᠢᠴᠢ ᠲᠠᠬᠦᠨ ᠤ ᠪᠠᠢ᠌ᠩᠭᠤ ᠶᠢᠨ ᠬᠤᠷᠢᠶ᠎ᠠ ᠶᠢᠨ ᠰᠢ᠌ᠳᠪᠤᠷᠢ ᠵᠢ ᠵᠢᠷᠤᠮᠯᠠᠬᠤ ᠪᠤᠯᠤᠨ ᠬᠦᠢ᠌ᠴᠡᠳᠭᠡᠬᠦ ᠵᠢ ᠪᠠᠳᠤᠯᠠᠵᠤ᠂ ᠤᠯᠤᠰ ᠤᠨ ᠲᠦᠯᠤᠪᠯᠡᠯᠭᠡ ᠪᠤᠯᠤᠨ ᠤᠯᠤᠰ ᠤᠨ ᠲᠦᠰᠤᠪ ᠤᠨ ᠬᠦᠢᠴᠡᠳᠭᠡᠬᠦ ᠵᠢ ᠪᠠᠳᠤᠯᠠᠨ᠎ᠡ᠃
       ᠬᠤᠶᠠᠷ᠂ ᠲᠤᠰ ᠵᠠᠰᠠᠭ ᠵᠠᠬᠢᠷᠭᠠᠨ ᠤ ᠭᠡᠪᠴᠢᠶᠡᠨ ᠲᠤᠳᠤᠷᠠᠬᠢ ᠤᠯᠤᠰ ᠠᠷᠠᠳ ᠤᠨ ᠠᠵᠤ ᠠᠬᠤᠢ ᠪᠤᠯᠤᠨ ᠨᠡᠢ᠌ᠭᠡᠮ ᠤᠨ ᠬᠦᠭᠵᠢᠯᠳᠠ ᠶᠢᠨ ᠲᠦᠯᠤᠪᠯᠡᠯᠭᠡ᠂ ᠲᠦᠰᠤᠪ ᠵᠢᠴᠢ ᠲᠠᠳᠡᠭᠡᠷ ᠤᠨ ᠬᠦᠢᠴᠡᠳᠭᠡᠭᠰᠨᠨ ᠪᠠᠢ᠌ᠳᠠᠯ ᠤᠨ ᠮᠡᠳᠡᠬᠦᠯᠤᠯᠳᠠ ᠵᠢ ᠬᠢᠨᠠᠬᠤ ᠪᠠ ᠵᠦᠪᠰᠢᠶᠡᠷᠡᠨ᠎ᠡ᠃
       ᠭᠤᠷᠪᠠ᠂ ᠲᠤᠰ ᠵᠠᠰᠠᠭ ᠵᠠᠬᠢᠷᠭᠠᠨ ᠤ ᠭᠡᠪᠴᠢᠶᠠᠨ ᠲᠤᠳᠤᠷᠠᠬᠢ ᠤᠯᠤᠰ ᠲᠦᠷᠤ᠂ ᠠᠵᠤ ᠠᠬᠤᠢ᠂ ᠰᠤᠷᠭᠠᠨ ᠬᠦᠮᠤᠵᠢᠯ᠂ ᠰᠢᠨᠵᠢᠯᠡᠬᠦ ᠤᠬᠠᠭᠠᠨ᠂ ᠰᠤᠶᠤᠯ᠂ ᠡᠷᠡᠬᠦᠯ ᠬᠠᠮᠠᠭᠠᠯᠠᠯ᠂ ᠤᠷᠴᠢᠨ ᠲᠤᠭᠤᠷᠢᠨ ᠪᠤᠯᠤᠨ ᠡᠬᠢ ᠪᠠᠶᠠᠯᠢᠭ ᠤᠨ ᠬᠠᠮᠠᠭᠠᠯᠠᠯᠳᠠ᠂ ᠠᠷᠠᠳ ᠤᠨ ᠶᠠᠪᠤᠳᠠᠯ᠂ ᠦᠨᠳᠤᠰᠤᠳᠠᠨ ᠵᠡᠷᠭᠡ ᠠᠵᠢᠯ ᠤᠨ ᠴᠢᠬᠤᠯᠨ ᠶᠡᠭᠡ ᠭᠡᠷᠡᠭ ᠤᠴᠢᠷ ᠢ ᠶᠠᠷᠢᠯᠴᠠᠬᠤ ᠪᠠ ᠲᠤᠭᠳᠠᠭᠠᠨ᠎ᠡ᠃
       ᠲᠦᠷᠪᠡ᠂ ᠲᠤᠰ ᠤᠷᠤᠨ ᠲᠤᠭᠤᠷᠢᠭ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢ᠌ᠩᠭᠤ ᠶᠢᠨ ᠬᠤᠷᠢᠶ᠎ᠠ ᠶᠢᠨ ᠪᠦᠷᠢᠯᠳᠤᠬᠦᠨ ᠭᠡᠰᠢᠬᠦᠨ ᠢ ᠰᠤᠩᠭᠤᠵᠤ ᠭᠠᠷᠭᠠᠨ᠎ᠡ᠃
       ᠲᠠᠪᠤ᠂ ᠬᠤᠳᠠ ᠶᠢᠨ ᠲᠠᠷᠤᠭ᠎ᠠ᠂ ᠬᠤᠳᠠ ᠶᠢᠨ ᠲᠠᠳ᠋ ᠲᠠᠷᠤᠭ᠎ᠠ ᠵᠢ ᠰᠤᠩᠭᠤᠵᠤ ᠭᠠᠷᠭᠠᠨ᠎ᠡ᠃

 ᠵᠢᠷᠭᠤᠭ᠎ᠠ᠂ ᠬᠤᠳᠠ ᠶᠢᠨ ᠠᠷᠠᠳ ᠤᠨ ᠰᠢᠬᠦᠬᠦ ᠬᠤᠷᠢᠶ᠎ᠠ ᠶᠢᠨ ᠬᠤᠷᠢᠶᠠᠨ ᠲᠠᠷᠤᠭ᠎ᠠ ᠪᠤᠯᠤᠨ ᠬᠤᠳᠠ ᠶᠢᠨ ᠠᠷᠠᠳ ᠤᠨ ᠪᠠᠢ᠌ᠴᠠᠭᠠᠬᠤ ᠬᠤᠷᠢᠶ᠎ᠠ ᠶᠢᠨ ᠪᠠᠢ᠌ᠴᠠᠭᠠᠬᠤ ᠲᠠᠷᠤᠭ᠎ᠠ ᠵᠢ ᠰᠤᠩᠭᠤᠵᠤ ᠭᠠᠷᠭᠠᠨ᠎ᠡ᠃ ᠰᠤᠩᠭᠤᠵᠤ ᠭᠠᠷᠭᠠᠭᠰᠨᠨ ᠬᠤᠳᠠ ᠶᠢᠨ ᠠᠷᠠᠳ ᠤᠨ ᠪᠠᠢ᠌ᠴᠠᠭᠠᠬᠤ ᠬᠤᠷᠢᠶ᠎ᠠ ᠶᠢᠨ ᠬᠤᠷᠢᠶᠠᠨ ᠲᠠᠷᠤᠭ᠎ᠠ ᠡᠷᠭᠡᠪᠰᠢ ᠲᠠᠭᠡᠷ᠎ᠠ ᠨᠢᠭᠡ ᠱᠠᠳᠤᠨ ᠤ ᠠᠷᠠᠳ ᠤᠨ ᠪᠠᠢ᠌ᠴᠠᠭᠠᠬᠤ ᠬᠤᠷᠢᠶ᠎ᠠ ᠶᠢᠨ ᠪᠠᠢ᠌ᠴᠠᠭᠠᠬᠤ ᠲᠠᠷᠤᠭ᠎ᠠ ᠳᠤ ᠮᠡᠳᠡᠬᠦᠯᠵᠤ᠂ ᠲᠤᠰ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢ᠌ᠩᠭᠤ ᠶᠢᠨ ᠬᠤᠷᠢᠶ᠎ᠠ ᠡᠴᠨ ᠵᠢᠭᠠᠪᠤᠷᠢ ᠠᠪᠴᠤ ᠵᠦᠪᠰᠢᠶᠡᠷᠡᠬᠦᠯᠤᠨ᠎ᠡ᠃

  ᠲᠤᠯᠤᠭ᠎ᠠ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠵᠢ ᠰᠤᠩᠭᠤᠵᠤ ᠭᠠᠷᠭᠠᠨ᠎ᠡ᠃
        ᠨᠠ᠍ᠢ᠍ᠮᠨ᠂ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢ᠌ᠩᠭᠤ ᠶᠢᠨ ᠬᠤᠷᠢᠶ᠎ᠠ ᠶᠢᠨ ᠠᠵᠢᠯ ᠤᠨ ᠮᠡᠳᠡᠬᠦᠯᠤᠯᠳᠠ ᠵᠢ ᠰᠤᠨᠤᠰᠬᠤ ᠪᠠ ᠬᠢᠨᠠᠨ᠎ᠡ᠃
      ᠶᠢᠰᠤ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠪᠤᠯᠤᠨ ᠬᠤᠳᠠ ᠶᠢᠨ ᠠᠷᠠᠳ ᠤᠨ ᠰᠢᠬᠦᠬᠦ ᠬᠤᠷᠢᠶ᠎ᠠ᠂ ᠤᠷᠤᠨ ᠲᠤᠭᠤᠷᠢᠭ ᠤᠨ ᠠᠷᠠᠳ ᠤᠨ ᠪᠠᠢ᠌ᠴᠠᠭᠠᠬᠤ ᠬᠤᠷᠢᠶ᠎ᠠ ᠶᠢᠨ ᠠᠵᠢᠯ ᠤᠨ ᠮᠡᠳᠡᠬᠦᠯᠤᠯᠳᠠ ᠵᠢ ᠰᠤᠨᠤᠰᠬᠤ ᠪᠠ ᠬᠢᠨᠠᠨ᠎ᠡ᠃
      ᠠᠷᠪᠠ᠂ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢ᠌ᠩᠭᠤ ᠶᠢᠨ ᠬᠤᠷᠢᠶ᠎ᠠ ᠶᠢᠨ ᠵᠤᠬᠢᠰ ᠦᠭᠡᠢ ᠰᠢ᠌ᠳᠪᠤᠷᠢ ᠵᠢ ᠬᠤᠪᠢᠷᠠᠭᠤᠯᠬᠤ ᠪᠤᠶᠤ ᠦᠭᠡᠢᠢ᠌ᠰᠭᠡᠨ᠎ᠡ᠃
       ᠠᠷᠪᠠᠨ ᠨᠢᠭᠡ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠵᠤᠬᠢᠰ ᠦᠭᠡᠢ ᠰᠢ᠌ᠳᠪᠤᠷᠢ ᠪᠠ ᠵᠠᠷᠯᠢᠭ ᠢ ᠦᠭᠡᠢᠢ᠌ᠰᠭᠡᠨ᠎ᠡ᠃
      ᠠᠷᠪᠠᠨ ᠬᠤᠶᠠᠷ᠂ ᠨᠡᠢ᠌ᠭᠡᠮ ᠵᠢᠷᠤᠮ ᠤᠨ ᠪᠦᠬᠦ ᠠᠷᠠᠳ ᠢᠷᠭᠡᠳ ᠤᠨ ᠠᠯᠢᠪᠠ ᠡᠳ᠋ ᠬᠦᠷᠤᠩᠭᠡ ᠪᠤᠯᠤᠨ ᠬᠦᠳᠡᠯᠮᠤᠷᠢᠴᠢᠨ ᠤᠯᠨᠨ ᠲᠦᠮᠨᠨ ᠤ ᠬᠠᠮᠳᠤ ᠨᠡᠢ᠌ᠳᠠ ᠶᠢᠨ ᠠᠯᠢᠪᠠ ᠡᠳ᠋ ᠬᠦᠷᠤᠩᠭᠡ᠂ ᠡᠷᠭᠡᠳᠤ ᠠᠷᠠᠳ ᠤᠨ ᠬᠤᠪᠢ ᠶᠢᠨ ᠠᠯᠢᠪᠠ ᠬᠠᠤᠯᠢ ᠳᠤ ᠨᠡᠢ᠌ᠴᠡᠭᠰᠨᠨ ᠡᠳ᠋ ᠬᠦᠷᠤᠩᠭᠡ ᠵᠢ ᠬᠠᠮᠠᠭᠠᠯᠠᠨᠨ᠎ᠡ᠂ ᠨᠡᠢ᠌ᠭᠡᠮ ᠤᠨ ᠡᠮᠬᠢ ᠲᠢᠭ᠍ᠯᠢᠮ ᠢ ᠬᠠᠮᠠᠭᠠᠯᠠᠵᠤ᠂ ᠡᠷᠭᠡᠳᠤ ᠠᠷᠠᠳ ᠤᠨ ᠪᠠᠶ᠎ᠡ ᠶᠢᠨ ᠡᠷᠭᠡ᠂ ᠠᠷᠠᠳᠴᠢᠯᠠᠯ ᠤᠨ ᠡᠷᠭᠡ ᠪᠤᠯᠤᠨ ᠪᠤᠰᠤᠤᠨ ᠡᠷᠭᠡ ᠵᠢ ᠪᠠᠳᠤᠯᠠᠨ᠎ᠡ᠃
      ᠠᠷᠪᠠᠨ ᠭᠤᠷᠪᠠ᠂ ᠠᠵᠤ ᠠᠬᠤᠢ ᠶᠢᠨ ᠵᠤᠬᠢᠶᠠᠨ ᠪᠠᠢ᠌ᠭᠤᠯᠤᠯᠳᠠ ᠶᠢᠨ ᠡᠯ᠎ᠡ ᠵᠤᠢ᠌ᠯ ᠤᠨ ᠬᠠᠤᠯᠢ ᠳᠤ ᠨᠡᠢ᠌ᠴᠡᠭᠰᠨᠨ ᠡᠷᠭᠡ ᠠᠰᠢᠭ ᠢ ᠬᠠᠮᠠᠭᠠᠯᠠᠨ᠎ᠡ᠃
      ᠠᠷᠪᠠᠨ ᠲᠦᠷᠪᠡ᠂ ᠴᠦᠭᠡᠨ ᠲᠤᠭᠠᠳᠤ ᠦᠨᠳᠤᠰᠤᠳᠠᠨ ᠤ ᠡᠷᠭᠡ ᠠᠰᠢᠭ ᠢ ᠪᠠᠳᠤᠯᠠᠨ᠎ᠡ᠃
     ᠠᠷᠪᠠᠨ ᠲᠠᠪᠤ᠂ ᠦᠨᠳᠤᠰᠤᠨ ᠬᠠᠤᠯᠢ ᠪᠤᠯᠤᠨ ᠬᠠᠤᠯᠢ ᠴᠠᠭᠠᠵᠨ ᠡᠴᠨ ᠤᠯᠭᠤᠭᠰᠨᠨ ᠡᠮᠡᠭᠳᠡᠢ᠌ᠴᠤᠤᠨ ᠤᠨ ᠡᠷᠡᠭᠳᠡᠢ ᠡᠮᠡᠭᠳᠡᠢ ᠡᠷᠭᠡ ᠲᠠᠭ᠍ᠰᠢ᠂ ᠠᠳᠠᠯᠢ ᠠᠵᠢᠯ ᠳᠤ ᠠᠳᠠᠯᠢ ᠬᠦᠯᠤᠰᠤ ᠤᠯᠭᠤᠬᠤ ᠪᠤᠯᠤᠨ ᠤᠷᠤᠭ ᠤᠨ ᠡᠷᠭᠡ ᠴᠢᠯᠤᠭᠡ ᠵᠡᠷᠭᠡ ᠡᠯ᠎ᠠ ᠵᠤᠢ᠌ᠯ ᠤᠨ ᠡᠷᠭᠡ ᠠᠰᠢᠭ ᠢ ᠪᠠᠳᠤᠯᠠᠨ᠎ᠡ᠃
    ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ ᠪᠤᠯ ᠮᠠᠨ ᠤ ᠤᠯᠤᠰ ᠤᠨ ᠦᠨᠳᠤᠰᠤᠨ ᠤᠯᠤᠰ ᠲᠦᠷᠤ ᠶᠢᠨ ᠲᠦᠷᠢᠮ᠃《ᠪᠦᠬᠦᠳᠠ ᠨᠠᠢ᠌ᠷᠠᠮᠳᠠᠬᠤ ᠲᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯᠤᠨ ᠭᠠᠵᠠᠷ ᠤᠷᠤᠨ ᠤ ᠡᠯ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠰᠤᠩᠭᠤᠭᠤᠯᠢ ᠶᠢᠨ ᠬᠠᠤᠯᠢ》᠋ ᠶᠢᠨ ᠲᠤᠭᠳᠠᠭᠠᠯ ᠢ ᠪᠠᠷᠢᠮᠳᠠᠯᠠᠵᠤ᠂ ᠰᠤᠩᠭᠤᠭᠤᠯᠢ ᠶᠢᠨ ᠠᠷᠠᠳ ᠡᠴᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠵᠢ ᠰᠤᠩᠭᠤᠵᠤ ᠭᠠᠷᠭᠠᠨ᠎ᠡ᠃ ᠪᠦᠬᠦᠳᠠ ᠨᠡᠢ᠌ᠷᠠᠮᠳᠠᠬᠤ ᠲᠤᠮᠳᠠᠳᠤ ᠠᠷᠠᠳ ᠤᠯᠤᠰ ᠤᠨ ᠠᠯᠢᠪᠠ ᠡᠷᠭᠡ ᠠᠷᠠᠳ ᠲᠦᠮᠨᠨ ᠳᠤ ᠬᠠᠷᠢᠶᠠᠯᠠᠭᠳᠠᠠ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠠᠷᠠᠳ ᠲᠦᠮᠨᠨ ᠢ ᠲᠦᠯᠤᠭᠡᠯᠡᠡ᠂ ᠤᠯᠤᠰ ᠤᠨ ᠶᠠᠪᠤᠳᠠᠯ ᠤᠨ ᠬᠠᠮᠢᠶᠠᠷᠤᠯᠳᠠ ᠳᠤ ᠤᠷᠤᠯᠴᠡᠵᠤ᠂ ᠠᠷᠠᠳ ᠲᠦᠮᠨᠨ ᠤ ᠠᠰᠢᠭ ᠲᠤᠰᠨ ᠶᠢᠨ ᠰᠢᠳᠤᠷᠭᠤ ᠲᠦᠯᠤᠭᠡᠯᠡᠭᠴᠢ ᠪᠤᠯᠤᠨ᠎ᠡ᠃
     ᠲᠦᠩᠯᠢᠶᠤᠤ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢᠳ ᠨᠠᠮ ᠤᠨ ᠭᠤᠤᠯ ᠠᠵᠢᠯ ᠪᠤᠯᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠡᠷᠭᠡ ᠲᠤᠰᠢᠶᠠᠯ᠂ ᠡᠬᠦᠷᠭᠡ ᠶᠢᠨ ᠲᠤᠭᠤᠷᠢᠨ ᠳᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢᠳ ᠤᠨ ᠡᠷᠭᠡ ᠲᠤᠰᠢᠶᠠᠯ ᠶᠢᠠᠨ ᠬᠦᠢᠴᠡᠳᠭᠡᠨ᠂ ᠦᠨᠳᠤᠰᠤᠨ ᠬᠠᠤᠯᠢ ᠪᠤᠯᠤᠨ ᠬᠠᠤᠯᠢ ᠴᠠᠭᠠᠵᠨ ᠵᠢ ᠵᠢᠱᠢᠶᠡᠴᠢ ᠪᠠᠷ ᠵᠢᠷᠤᠮᠯᠡᠵᠤ᠂ ᠭᠠᠵᠠᠷ ᠤᠷᠤᠨ ᠤᠨ ᠤᠯᠤᠰ ᠤᠨ ᠶᠠᠪᠤᠳᠠᠯ ᠤᠨ ᠬᠠᠮᠢᠶᠠᠷᠤᠯᠳᠠ ᠶᠢᠨ ᠤᠢ᠌ᠯᠡᠳᠤᠯ᠂ ᠬᠠᠪᠰᠤᠷᠤᠨ ᠬᠢᠨᠠᠵᠤ ᠪᠠᠢ᠌ᠴᠠᠭᠠᠬᠤ ᠤᠢ᠌ᠯᠡᠳᠤᠯ ᠪᠤᠯᠤᠨ ᠬᠦᠭᠦᠷᠭᠡ ᠬᠤᠯᠪᠤᠭᠠᠰᠤ ᠶᠢᠨ ᠤᠢ᠌ᠯᠡᠳᠤᠯ ᠶᠢᠠᠨ ᠪᠠᠳᠠᠷᠠᠭᠤᠯᠤᠨ᠂ ᠪᠦᠬᠦ ᠬᠤᠳᠠ ᠶᠢᠨ ᠪᠦᠳᠤᠭᠡᠨ ᠪᠠᠢ᠌ᠭᠤᠯᠤᠯᠳᠠ ᠶᠢᠨ ᠬᠦᠭᠵᠢᠯᠳᠠ ᠳᠤ ᠴᠢᠬᠤᠯᠨ ᠬᠤᠪᠢ ᠨᠡᠮᠡᠷᠢ ᠦᠵᠡᠬᠦᠯᠪᠡ᠃
      ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢᠳ ᠰᠤᠩᠭᠤᠭᠤᠯᠢ ᠶᠢᠨ ᠠᠷᠠᠳ ᠲᠠᠢ ᠨᠢᠭᠳᠠ ᠬᠠᠷᠢᠯᠴᠠᠨ᠂ ᠦᠷᠬᠦᠯᠵᠢ ᠪᠠᠢ᠌ᠴᠠᠭᠠᠨ ᠦᠵᠡᠬᠦ ᠪᠠ ᠰᠤᠷᠪᠤᠯᠵᠢᠯᠨᠵᠤ᠂ ᠴᠠᠭ ᠢᠮᠠᠭᠳᠠ ᠤᠯᠨᠨ ᠲᠦᠮᠨᠨ ᠤ ᠰᠠᠨᠠᠭᠤᠯᠭ᠎ᠠ᠂ ᠰᠢᠬᠦᠮᠵᠢᠯᠠᠯ ᠪᠤᠯᠤᠨ ᠰᠠᠨᠠᠯ ᠢ ᠰᠤᠨᠤᠰᠤᠨ᠂ ᠬᠤᠯᠪᠤᠭᠳᠠᠯ ᠪᠦᠬᠦᠢ ᠪᠠᠢᠭᠤᠯᠭ᠎ᠠ ᠳᠤ ᠴᠠᠭ ᠲᠤᠬᠠᠢ ᠳᠤᠨᠢ ᠲᠤᠰᠬᠠᠵᠤ᠂ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠤᠷᠠᠯ ᠲᠠᠭᠡᠷ᠎ᠠ ᠰᠠᠨᠠᠯ ᠵᠦᠪᠯᠡᠯᠭᠡ ᠪᠤᠯᠤᠨ ᠰᠠᠨᠠᠭᠤᠯᠭ᠎ᠠ ᠲᠤᠷᠠᠳᠤᠨ᠂ ᠤᠯᠤᠰ ᠤᠨ ᠡᠷᠭᠡᠳᠤ ᠪᠠᠢ᠌ᠭᠤᠯᠭ᠎ᠠ ᠶᠢᠨ ᠰᠢ᠌ᠳᠪᠤᠷᠢᠳᠤ ᠪᠤᠳᠤᠯᠭ᠎ᠠ ᠵᠢ ᠠᠷᠠᠳ ᠤᠯᠨᠨ ᠤ ᠠᠰᠢᠭ ᠲᠤᠰᠨ ᠲᠠᠢ ᠤᠯᠠᠮ ᠶᠢᠠᠷ ᠵᠤᠬᠢᠴᠠᠭᠤᠯᠵᠤ᠂ ᠵᠠᠰᠠᠭ ᠤᠨ ᠤᠷᠳᠤᠨ ᠪᠤᠯᠤᠨ ᠠᠷᠠᠳ ᠤᠯᠨᠨ ᠤ ᠬᠠᠷᠢᠴᠠᠭ᠎ᠠ ᠵᠢ ᠨᠢᠭᠳᠠᠷᠠᠭᠤᠯᠤᠭᠰᠨᠨ ᠪᠠᠢᠨ᠎ᠡ᠃ᠡᠮᠦᠨᠡᠬᠢ᠄ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ
ᠳᠠᠷᠠᠭᠠᠬᠢ᠄ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠ᠌ᠢ᠌ᠩᠭᠤ ᠶᠢᠨ ᠬᠤᠷᠢᠶ᠎ᠠ ᠶᠢᠨ ᠦᠨᠳᠤᠰᠤᠨ ᠪᠠᠢᠳᠠᠯ