ᠵᠠᠷᠤᠤᠨ ᠬᠤᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠭᠤᠷᠪᠠᠳ᠋ᠤᠭᠠᠷ ᠬᠤᠷᠠᠯᠳ᠋ᠤᠭᠠᠨ ᠤ ᠪᠡᠯᠡᠳᠭᠡᠯ ᠬᠤᠷᠠᠯ ᠬᠤᠷᠠᠯᠳ᠋ᠤᠭᠰᠠᠨ
3 ᠰᠠᠷ᠎ᠠ ᠶᠢᠨ 20᠋ ᠤ ᠡᠳ᠋ᠤᠷ ᠤᠨ ᠦᠳ᠋ᠡ ᠶᠢᠨ ᠬᠤᠢ᠌ᠨ᠎ᠠ᠂ ᠵᠠᠷᠤᠤᠨ ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠭᠤᠷᠪᠠᠳ᠋ᠤᠭᠠᠷ ᠬᠤᠷᠠᠯᠳ᠋ᠤᠭᠠᠨ ᠤ ᠪᠠᠯᠡᠳᠭᠡᠯ ᠬᠤᠷᠠᠯ ᠬᠤᠷᠠᠯᠳᠤᠪᠠ᠂ ᠬᠤᠰᠢ᠍ᠭᠤᠨ ᠤ ᠤᠳ᠋ᠤᠷᠢ᠍ᠳ᠋ᠤᠯᠭ᠎ᠠ ᠪᠠᠢ ᠯᠢ ᠵᠤ᠂ ᠡᠷᠳ᠋ᠡᠨᠢ᠍ᠬᠦᠤ᠂ ᠯᠢ᠍ᠶᠠᠩ ᠲᠢ᠍ᠶᠸ ᠪᠤᠤ᠂ᠪᠠᠶᠠᠨᠰᠠᠩ᠂ ᠡᠤ ᠰᠢ᠍ᠶᠤᠤ᠂ᠪᠦ᠋ ᠮᠤᠤ ᠰᠢ᠍ᠶᠠᠩ᠂ ᠦᠷᠠᠪᠠᠳ᠋ᠤ᠂ ᠰᠦ᠋ᠩ ᠯᠢ᠍ᠶᠠᠨ ᠡᠾᠦ᠋ᠢ ᠲᠠᠷᠢ᠍ᠬᠦᠯᠡᠭ᠍ᠴᠢ᠍ᠳ ᠤᠨ ᠲᠠᠢ᠌ᠰᠠᠨ ᠳ᠋ᠥ ᠰᠠᠭᠤᠵᠤ᠂ ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠡᠷᠬᠢᠯᠡᠭ᠍ᠴᠢ ᠪᠠᠶᠠᠨᠰᠠᠩ ᠬᠤᠷᠠᠯ ᠡᠷᠬᠢᠯᠡᠪᠡ᠃





ᠬᠤᠷᠠᠯ ᠡᠴᠨ ᠵᠠᠷᠤᠤᠨ ᠬᠤᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠭᠤᠷᠪᠠᠳ᠋ᠤᠭᠠᠷ ᠬᠤᠷᠠᠯᠳ᠋ᠤᠭᠠᠨ ᠤ ᠬᠤᠷᠠᠯ ᠤᠨ ᠵᠦ᠋ᠪᠯᠡᠬᠦ ᠵᠦ᠋ᠢ᠍ᠯ᠂ᠵᠠᠷᠤᠤᠨ ᠬᠤᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠭᠤᠷᠪᠠᠳ᠋ᠤᠭᠠᠷ ᠬᠤᠷᠠᠯᠳ᠋ᠤᠭᠠᠨ ᠤ ᠲᠠᠷᠢ᠍ᠬᠦᠯᠡᠭ᠍ᠴᠢ᠍ᠳ ᠤᠨ ᠪᠦᠯᠬᠦᠮ ᠪᠠ ᠨᠠᠷᠢ᠍ᠨ ᠪᠢᠴᠢ᠍ᠭ᠌ ᠤᠨ ᠲᠠᠷᠤᠭ᠎ᠠ ᠶᠢᠨ ᠨᠡᠷᠡᠰ (ᠲᠦ᠋ᠰᠤᠯ)᠂ ᠵᠠᠷᠤᠤᠨ ᠬᠤᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠭᠤᠷᠪᠠᠳ᠋ᠤᠭᠠᠷ ᠬᠤᠷᠠᠯᠳ᠋ᠤᠭᠠᠨ ᠤ ᠰᠠᠨᠠᠯ ᠵᠦ᠋ᠪᠯᠡᠯᠭᠡ ᠶᠢ ᠬᠢᠨᠠᠨ ᠪᠠᠢ᠌ᠴᠠᠭᠠᠬᠤ ᠵᠦ᠋ᠪᠯᠡᠯ ᠤᠨ ᠪᠦᠷᠢ᠍ᠯᠳ᠋ᠤᠬᠦᠨ ᠭᠡᠰᠢ᠍ᠬᠦᠨ ᠤ ᠨᠡᠷᠡᠰ(ᠲᠦ᠋ᠰᠤᠯ)᠋ ᠢ ᠬᠢᠨᠠᠨ ᠵᠦ᠋ᠪᠯᠡᠵᠤ ᠪᠠᠳ᠋ᠤᠯᠠᠪᠠ᠃