ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠤᠳ᠋ᠤᠷᠢ᠍ᠳ᠋ᠤᠯᠭ᠎ᠠ ᠮᠠᠨ ᠤ ᠬᠤᠰᠢ᠍ᠭᠤᠨ ᠳᠤ ᠢᠷᠡᠵᠤ ᠠᠷᠠᠳ ᠤᠨ ᠲᠦ᠋ᠯᠦᠭᠡᠯᠡᠭ᠍ᠴᠢ᠍ᠳ ᠦᠨ ᠪᠢᠯᠸᠲ ᠦᠭ᠍ᠴᠦ ᠪᠠᠳ᠋ᠤᠯᠠᠬᠤ ᠲᠦ᠋ᠷᠢ᠍ᠮ ᠦᠨ ᠲᠤᠷᠰᠢ᠍ᠯᠲᠠ ᠶᠢᠨ ᠴᠡᠭ᠌ ᠦᠨ ᠠᠵᠢ᠍ᠯ ᠢ ᠪᠠᠢ᠌ᠴᠠᠭᠠᠨ ᠰᠤᠳ᠋ᠤᠯᠤᠭᠰᠠᠨ
3 ᠰᠠᠷ᠎ᠠ ᠶᠢᠨ 7᠋ ᠤ ᠡᠳ᠋ᠦᠷ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠰᠤᠩᠭ᠋ᠤᠭᠤᠯᠢ ᠶᠢᠨ ᠶᠠᠪᠤᠳ᠋ᠠᠯ ᠤᠨ ᠡᠷᠬᠢᠯᠡᠭ᠍ᠴᠢ ᠡᠾᠸ ᠢᠦᠢ ᠯᠠᠨ ᠪᠡᠷ ᠲᠤᠭᠤᠢ᠌ᠯᠠᠩ ᠤᠨ ᠳᠠᠷᠤᠭ᠎ᠠ ᠪᠤᠯᠭᠠᠭᠰᠠᠨ ᠪᠠᠢ᠌ᠴᠠᠭᠠᠨ ᠰᠤᠳ᠋ᠤᠯᠬᠤ ᠲᠤᠭᠤᠢ᠌ᠯᠠᠩ ᠮᠠᠨ ᠤ ᠬᠤᠰᠢ᠍ᠭᠤᠨ ᠳᠤ ᠢᠷᠡᠵᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠡᠴᠡ ᠪᠢᠯᠸᠲ ᠦᠭ᠍ᠴᠦ ᠪᠠᠳ᠋ᠤᠯᠠᠬᠤ ᠲᠦ᠋ᠷᠢ᠍ᠮ ᠦᠨ ᠲᠤᠷᠰᠢ᠍ᠯᠲᠠ ᠶᠢᠨ ᠴᠡᠭ᠌ ᠦᠨ ᠠᠵᠢ᠍ᠯ ᠢ ᠪᠠᠢ᠌ᠴᠠᠭᠠᠨ ᠰᠤᠳ᠋ᠤᠯᠪᠠ᠃ ᠬᠣᠰᠢᠭᠤᠨ ᠤ ᠠᠷᠠᠳ ᠤᠨ ᠲᠥᠯᠦᠭᠡᠯᠡᠭᠴᠢᠳ ᠤᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠡᠷᠬᠢᠯᠡᠭᠴᠢ ᠪᠠᠶᠠᠨᠰᠠᠩ᠂ ᠳᠡᠳ᠋ ᠡᠷᠬᠢᠯᠡᠭᠴᠢ ᠡᠤ ᠰᠢᠶᠣᠣ ᠪᠠᠷ᠎ᠠ ᠪᠣᠯᠤᠨ ᠪᠠᠢᠴᠠᠭᠠᠨ ᠰᠤᠳᠤᠯᠪᠠ᠃
ᠡᠾᠸ ᠢᠦᠢ ᠯᠠᠨ ᠨᠡᠷ ᠤᠷᠢ᠍ᠳ ᠬᠤᠵᠢ᠍ᠳ ᠮᠠᠨ ᠤ ᠬᠤᠰᠢ᠍ᠭᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠡᠴᠡ ᠪᠢᠯᠸᠲ ᠦᠭ᠍ᠴᠦ ᠪᠠᠳ᠋ᠤᠯᠠᠬᠤ ᠲᠦ᠋ᠷᠢ᠍ᠮ ᠦᠨ ᠲᠤᠷᠰᠢ᠍ᠯᠲᠠ ᠶᠢᠨ ᠴᠡᠭ᠌ ᠦᠨ ᠠᠵᠢ᠍ᠯ ᠢ ᠬᠦᠢ᠍ᠴᠡᠳ ᠨᠤᠳ᠋ᠡᠯᠡᠪᠠ᠃

ᠡᠾᠸ ᠢᠦᠢ ᠯᠠᠨ ᠵᠢᠭᠠᠵᠤ ᠭᠠᠷᠭᠠᠭᠰᠠᠨ ᠨᠢ᠂ᠲᠤᠷᠰᠢ᠍ᠯᠲᠠ ᠶᠢᠨ ᠴᠡᠭ᠌ ᠦᠨ ᠰᠤᠮᠤ ᠪᠠᠯᠭᠠᠰᠤ ᠡᠷᠭᠡᠪᠰᠢ ᠤᠯᠠᠨ ᠲᠦ᠋ᠮᠡᠨ ᠦ ᠠᠵᠢ᠍ᠯ ᠢ ᠰᠠᠢ᠌ᠳ᠋ᠤᠷ ᠬᠢᠵᠤ᠂ ᠠᠷᠠᠳ ᠲᠦ᠋ᠮᠡᠨ ᠳᠤ ᠦᠢ᠍ᠯᠡᠴᠢ᠍ᠯᠡᠬᠦ ᠦᠨᠳ᠋ᠦᠰᠦᠨ ᠵᠠᠷᠴᠢ᠍ᠮ ᠢ ᠪᠠᠷᠢ᠍ᠮᠳ᠋ᠠᠯᠠᠨ᠂ ᠠᠷᠠᠳᠴᠢ᠍ᠯᠡᠯ ᠢ ᠭᠦᠢ᠍ᠴᠡᠳ ᠪᠠᠳ᠋ᠠᠷᠠᠭᠤᠯᠵᠤ᠂ ᠠᠷᠠᠳ ᠤᠨ ᠰᠡᠳᠬᠢᠯ ᠢ ᠰᠤᠨᠤᠰᠤᠨ᠂ ᠠᠷᠠᠳ ᠤᠨ ᠰᠠᠨᠠᠭ᠎ᠠ ᠶᠢ ᠤᠢ᠌ᠯᠠᠭᠠᠵᠤ᠂ ᠤᠯᠠᠨ ᠲᠦ᠋ᠮᠡᠨ ᠦ ᠰᠠᠨᠠᠯ ᠰᠠᠨᠠᠭᠤᠯᠭ᠎ᠠ ᠶᠢ ᠰᠠᠢ᠌ᠳ᠋ᠤᠷ ᠴᠢ᠍ᠷᠮᠠᠢ᠌ᠨ ᠤᠯᠬᠤ ᠬᠡᠷᠡᠭ᠍ᠲᠡᠢ᠃ ᠡᠷᠭᠡᠪᠰᠢ ᠤᠬᠠᠭᠤᠯᠭ᠎ᠠ ᠶᠢᠨ ᠠᠵᠢ᠍ᠯ ᠢ ᠰᠠᠢ᠌ᠳ᠋ᠤᠷ ᠬᠢᠵᠤ᠂ ᠤᠯᠠᠨ ᠲᠦ᠋ᠮᠡᠨ ᠦ ᠤᠢ᠌ᠯᠠᠭᠠᠬᠤ᠂ ᠤᠷᠤᠯᠴᠠᠬᠤ᠂ ᠳᠡᠮᠵᠢ᠍ᠬᠦ ᠪᠠ ᠬᠢᠨᠠᠯᠳ᠋ᠡ ᠲᠠᠯᠪᠢᠬᠤ ᠠᠵᠢ᠍ᠯ ᠤᠨ ᠲᠤᠭᠲᠠᠯᠴᠠᠭ᠎ᠠ ᠶᠢ ᠪᠠᠢ᠌ᠭᠤᠯᠵᠤ ᠲᠦ᠋ᠯᠬᠢᠨ ᠠᠬᠢᠭᠤᠯᠬᠤ ᠬᠡᠷᠡᠭ᠍ᠲᠡᠢ ᠭᠡᠵᠡᠢ᠃