ᠤᠳᠤ ᠶᠢᠨ ᠪᠠᠢ᠌ᠷᠢ᠄ ᠲᠤᠢ᠌ᠮᠤ ᠪᠠᠢ᠌ᠳᠠᠯ → ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠ᠌ᠢ᠌ᠩᠭᠤ ᠶᠢᠨ ᠬᠤᠷᠢᠶ᠎ᠠ ᠶᠢᠨ ᠦᠨᠳᠤᠰᠤᠨ ᠪᠠᠢᠳᠠᠯ

          

ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢ᠌ᠩᠭᠤ ᠶᠢᠨ ᠬᠤᠷᠢᠶ᠎ᠠ ᠪᠤᠯ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢ᠌ᠩᠭᠤ ᠶᠢᠨ ᠪᠠᠢ᠌ᠭᠤᠯᠭ᠎ᠠ ᠮᠦᠨ᠂ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠳᠤ ᠬᠠᠷᠢᠭᠤᠴᠠᠬᠤ ᠶᠢᠨ ᠬᠠᠮᠳᠤ ᠠᠵᠢᠯ ᠤᠨ ᠮᠡᠳᠡᠬᠦᠯᠤᠯᠳᠠ ᠬᠢᠨ᠎ᠡ᠃

 ᠪᠠᠢ᠌ᠩᠭᠤ ᠶᠢᠨ ᠬᠤᠷᠢᠶ᠎ᠠ ᠨᠢ 1ᠡᠷᠬᠢᠯᠡᠭᠴᠢ᠂ 4 ᠲᠠᠳ᠋ ᠡᠷᠬᠢᠯᠡᠭᠴᠢ ᠪᠠ 26 ᠭᠡᠰᠢᠬᠦᠨ ᠶᠢᠠᠷ ᠪᠦᠷᠢᠯᠳᠤᠵᠤ᠂ ᠪᠠᠢ᠌ᠩᠭᠤ ᠶᠢᠨ ᠬᠤᠷᠢᠶ᠎ᠠ ᠶᠢᠨ ᠪᠦᠷᠢᠯᠳᠤᠬᠦᠨ ᠭᠡᠰᠢᠬᠦᠨ ᠢ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠶᠢᠠᠷ ᠲᠦᠯᠤᠭᠡᠯᠡᠭᠴᠢᠳ ᠤᠨ ᠲᠤᠮᠳᠠ ᠡᠴᠨ ᠰᠤᠩᠭᠤᠵᠤ ᠭᠠᠷᠭᠠᠨ᠎ᠡ᠃ ᠪᠠᠢ᠌ᠩᠭᠤ ᠶᠢᠨ ᠬᠤᠷᠢᠶ᠎ᠠ ᠶᠢᠨ ᠪᠦᠷᠢᠯᠳᠤᠬᠦᠨ ᠭᠡᠰᠢᠬᠦᠨ ᠤᠯᠤᠰ ᠤᠨ ᠵᠠᠰᠠᠭ ᠵᠠᠬᠢᠷᠭᠠᠨ ᠤ ᠪᠠᠢ᠌ᠭᠤᠯᠭ᠎ᠠ᠂ ᠰᠢᠬᠦᠨ ᠲᠠᠰᠤᠯᠬᠤ ᠪᠠᠢ᠌ᠭᠤᠯᠭ᠎ᠠ ᠪᠤᠯᠤᠨ ᠪᠠᠢ᠌ᠴᠠᠭᠠᠬᠤ ᠪᠠᠢ᠌ᠭᠤᠯᠭ᠎ᠠ ᠶᠢᠨ ᠲᠤᠰᠢᠶᠠᠯ ᠢ ᠬᠠᠷᠢᠭᠤᠴᠠᠵᠤ ᠪᠤᠯᠬᠤ ᠦᠭᠡᠢ᠃ ᠪᠠᠢ᠌ᠩᠭᠤ ᠶᠢᠨ ᠬᠤᠷᠢᠶ᠎ᠠ ᠶᠢᠨ ᠲᠤᠰᠢᠶᠠᠯ ᠤᠨ ᠬᠤᠭᠤᠴᠠᠭ᠎ᠠ ᠨᠢ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠤᠨ ᠬᠤᠭᠤᠴᠠᠭ᠎ᠠ ᠲᠠᠢ ᠠᠳᠠᠯᠢ᠃
    ᠡᠷᠬᠢᠯᠡᠭᠴᠢ ᠡᠴᠨ ᠬᠤᠶᠠᠷ ᠰᠠᠷ᠋᠎ᠠ ᠪᠦᠷᠢ ᠠᠳᠠᠭ ᠲᠠᠭᠠᠨ1ᠤᠳᠠᠭ᠎ᠠ ᠪᠠᠢ᠌ᠩᠭᠤ ᠶᠢᠨ ᠬᠤᠷᠢᠶ᠎ᠠ ᠶᠢᠨ ᠬᠤᠷᠠᠯᠳᠤᠭᠠᠨ ᠬᠤᠷᠠᠯᠳᠤᠭᠤᠯᠤᠨ᠎ᠡ᠃ ᠪᠠᠢ᠌ᠩᠭᠤ ᠶᠢᠨ ᠬᠤᠷᠢᠶ᠎ᠠ ᠶᠢᠨ ᠰᠢᠢᠳᠪᠤᠷᠢ ᠵᠢ ᠡᠷᠬᠡᠪᠰᠢ ᠪᠠᠢ᠌ᠩᠭᠤ ᠶᠢᠨ ᠬᠤᠷᠢᠶ᠎ᠠ ᠶᠢᠨ ᠪᠦᠬᠦ ᠪᠦᠷᠢᠯᠳᠤᠬᠦᠨ ᠭᠡᠰᠢᠬᠦᠨ ᠤ ᠬᠠᠭᠠᠰ ᠡᠴᠨ ᠲᠠᠭᠡᠭᠰᠢ ᠬᠦᠮᠤᠨ ᠵᠦᠪᠰᠢᠶᠡᠷᠡᠭᠰᠨᠨ ᠪᠠᠢ᠌ᠬᠤ ᠭᠡᠷᠡᠭᠳᠡᠢ᠃
    《ᠪᠦᠬᠦᠳᠠ ᠨᠠᠢ᠌ᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠤᠷᠤᠨ ᠤ ᠡᠯ᠋᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯᠤᠨ ᠭᠠᠵᠠᠷ ᠤᠷᠤᠨ ᠤ ᠡᠯ᠎᠎ᠠ ᠱᠠᠳᠤᠨ ᠤ ᠠᠷᠠᠳ ᠤᠨ ᠵᠠᠰᠠᠭ ᠤᠨ ᠤᠷᠳᠤᠨ ᠤ ᠵᠤᠬᠢᠶᠠᠨ ᠪᠠᠢ᠌ᠭᠤᠯᠤᠯᠳᠠ ᠶᠢᠨ ᠬᠠᠤᠯᠢ》᠋ ᠶᠢᠨ ᠲᠤᠭᠳᠠᠭᠠᠯ ᠶᠤᠰᠤᠭᠠᠷ᠂ ᠪᠠᠢ᠌ᠩᠭᠤ ᠶᠢᠨ ᠬᠤᠷᠢᠶ᠎ᠠ ᠨᠢ ᠲᠤᠤᠷᠠᠬᠢ ᠮᠡᠳᠤ ᠡᠷᠭᠡ ᠵᠢ ᠭᠡᠷᠡᠭᠵᠢᠬᠦᠯᠤᠨ᠎ᠡ᠃
    ᠲᠤᠰ ᠵᠠᠰᠠᠭ ᠵᠠᠬᠢᠷᠭᠠᠨ ᠤ ᠤᠷᠤᠨ ᠤ ᠭᠡᠪᠴᠢᠶᠡᠨ ᠲᠤᠳᠤᠷ᠎ᠠ᠂ ᠦᠨᠳᠤᠰᠤᠨ ᠬᠠᠤᠯᠢ᠂ ᠬᠠᠤᠯᠢ ᠴᠠᠭᠠᠵᠨ᠂ ᠵᠠᠰᠠᠭ ᠵᠠᠬᠢᠷᠭᠠᠨ ᠤ ᠬᠠᠤᠯᠢ ᠲᠦᠷᠢᠮ ᠬᠢᠭᠡᠳ ᠲᠠᠭᠡᠷ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠵᠢᠴᠢ ᠲᠠᠬᠦᠨ ᠤ ᠪᠠᠢ᠌ᠩᠭᠤ ᠶᠢᠨ ᠬᠤᠷᠢᠶ᠎ᠠ ᠶᠢᠨ ᠰᠢ᠌ᠳᠪᠤᠷᠢ ᠵᠢ ᠵᠢᠷᠤᠮᠯᠠᠨ ᠰᠠᠬᠢᠬᠤ ᠪᠤᠯᠤᠨ ᠭᠡᠷᠡᠭᠵᠢᠬᠦᠯᠬᠦ ᠵᠢ ᠪᠠᠳᠤᠯᠠᠨ᠎ᠠ᠃
    ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢᠳ ᠤᠨ ᠰᠤᠩᠭᠤᠭᠤᠯᠢ ᠵᠢ ᠤᠳᠤᠷᠢᠳᠬᠤ ᠪᠤᠶᠤ ᠡᠷᠬᠢᠯᠡᠵᠤ᠂ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠤᠷᠠᠯ ᠢ ᠬᠤᠷᠠᠯᠳᠤᠭᠤᠯᠤᠨ᠎ᠠ᠃
    ᠲᠤᠰ ᠵᠠᠰᠠᠭ ᠵᠠᠬᠢᠷᠭᠠᠨ ᠤ ᠭᠡᠪᠴᠢᠶᠠᠨ ᠳᠡᠬᠢ ᠤᠯᠤᠰ ᠲᠦᠷᠤ᠂ ᠠᠵᠤ ᠠᠬᠤᠢ᠂ ᠰᠤᠷᠭᠠᠨ ᠬᠦᠮᠤᠵᠢᠯ᠂ ᠰᠢᠨᠵᠢᠯᠡᠬᠦ ᠤᠬᠠᠭᠠᠨ᠂ ᠰᠤᠶᠤᠯ᠂ ᠡᠷᠡᠬᠦᠯ ᠬᠠᠮᠠᠭᠠᠯᠠᠯ᠂ ᠤᠷᠴᠢᠨ ᠲᠤᠭᠤᠷᠢᠨ ᠪᠤᠯᠤᠨ ᠡᠬᠢ ᠪᠠᠶᠠᠯᠢᠭ ᠤᠨ ᠬᠠᠮᠠᠭᠠᠯᠠᠯᠳᠠ᠂ ᠠᠷᠠᠳ ᠤᠨ ᠶᠠᠪᠤᠳᠠᠯ᠂ ᠦᠨᠳᠤᠰᠤᠳᠠᠨ ᠵᠡᠷᠭᠡ ᠠᠵᠢᠯ ᠤᠨ ᠴᠢᠬᠤᠯᠨ ᠶᠡᠭᠡ ᠭᠡᠷᠡᠭ ᠶᠠᠪᠤᠳᠠᠯ ᠢ ᠶᠠᠷᠢᠯᠴᠠᠵᠤ ᠲᠤᠭᠳᠠᠭᠠᠨ᠎ᠠ᠃ ᠵᠠᠷᠤᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠠᠨᠠᠭᠤᠯᠭ᠎ᠠ ᠵᠢ ᠦᠨᠳᠤᠰᠤᠯᠨᠨ᠂ ᠮᠠᠨ ᠤ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠢ᠌ᠭᠡᠮ ᠤᠨ ᠬᠦᠭᠵᠢᠯᠳᠠ ᠶᠢᠨ ᠲᠦᠯᠤᠪᠯᠡᠭᠡ᠂ ᠲᠦᠰᠤᠪ ᠤᠨ ᠭᠡᠰᠡᠭ ᠬᠤᠪᠢᠷᠠᠭᠠᠬᠤ ᠵᠢ ᠲᠤᠭᠳᠠᠭᠠᠨ᠎ᠠ᠃
   ᠬᠤᠰᠢᠭᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠬᠢᠨᠠᠨ ᠪᠠᠢ᠌ᠴᠠᠭᠠᠬᠤ ᠵᠦᠪᠯᠡᠯ᠂ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠪᠤᠯᠤᠨ ᠠᠷᠠᠳ ᠤᠨ ᠪᠠᠢ᠌ᠴᠠᠭᠠᠬᠤ ᠬᠤᠷᠢᠶ᠎ᠠ ᠶᠢᠨ ᠠᠵᠢᠯ ᠢ ᠬᠢᠨᠠᠨ ᠪᠠᠢ᠌ᠴᠠᠭᠠᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢᠳ ᠲᠠᠢ ᠬᠠᠷᠢᠯᠴᠠᠨ᠎ᠡ᠃ ᠤᠯᠨᠨ ᠲᠦᠮᠨᠨ ᠡᠴᠨ ᠲᠠᠭᠡᠷ᠎ᠠ ᠲᠤᠷᠠᠳᠤᠭᠰᠨᠨ ᠪᠠᠢ᠌ᠭᠤᠯᠭ᠎ᠠ ᠪᠠ ᠤᠯᠤᠰ ᠤᠨ ᠠᠵᠢᠯᠳᠠᠨ ᠳᠤ ᠭᠤᠮᠤᠳᠠᠯ ᠲᠤᠭᠠᠴᠢᠬᠤ᠂ ᠰᠠᠨᠠᠯ ᠲᠠᠪᠰᠢᠬᠦᠯᠬᠦ ᠵᠢ ᠬᠦᠯᠢᠶᠡᠨ ᠠᠪᠴᠤ ᠰᠢ᠌ᠳᠪᠤᠷᠢᠯᠡᠨ᠎ᠡ᠃
    ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠤᠬᠢᠰ ᠦᠭᠡᠢ ᠰᠢ᠌ᠳᠪᠤᠷᠢ ᠪᠤᠯᠤᠨ ᠵᠠᠷᠯᠢᠭ ᠢ ᠬᠦᠴᠦᠨ ᠦᠭᠡᠢ ᠪᠤᠯᠭᠠᠨ᠎ᠠ᠃
    ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠤᠷᠠᠯ ᠲᠠᠬᠦᠰᠦᠭᠰᠨᠨ ᠬᠤᠭᠤᠴᠠᠭᠠᠨ ᠳᠤ ᠬᠤᠰᠢᠭᠤᠨ ᠲᠠᠳ᠋ ᠲᠠᠷᠤᠭ᠎ᠠ ᠵᠢ ᠲᠤᠮᠢᠯᠠᠵᠤ ᠪᠠᠭᠤᠯᠭᠠᠬᠤ ᠵᠢ ᠲᠤᠭᠳᠠᠭᠠᠨ᠎ᠠ᠃ ᠬᠤᠰᠢᠭᠤᠨ ᠲᠠᠷᠤᠭ᠎ᠠ᠂ ᠬᠢᠨᠠᠨ ᠪᠠᠢ᠌ᠴᠠᠭᠠᠬᠤ ᠵᠦᠪᠯᠡᠯ ᠤᠨ ᠡᠷᠬᠢᠯᠡᠭᠴᠢ᠂ ᠠᠷᠠᠳ ᠤᠨ ᠰᠢᠬᠦᠬᠦ ᠬᠤᠷᠢᠶ᠎ᠠ ᠶᠢᠨ ᠬᠤᠷᠢᠶᠠᠨ ᠲᠠᠷᠤᠭ᠎ᠠ᠂ ᠠᠷᠠᠳ ᠤᠨ ᠪᠠᠢ᠌ᠴᠠᠭᠠᠬᠤ ᠬᠤᠷᠢᠶ᠎ᠠ ᠶᠢᠨ ᠬᠤᠷᠢᠶᠠᠨ ᠲᠠᠷᠤᠭ᠎ᠠ ᠶᠢᠨ ᠤᠴᠢᠷ ᠡᠴᠨ ᠪᠤᠯᠵᠤ ᠲᠤᠰᠢᠶᠠᠯ ᠬᠠᠷᠢᠭᠤᠴᠠᠵᠤ ᠲᠠᠢ᠌ᠯᠬᠦ ᠦᠭᠡᠢ ᠦᠶ᠎ᠠ ᠳᠤ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠬᠢᠨᠠᠨ ᠪᠠᠢ᠌ᠴᠠᠭᠠᠬᠤ ᠵᠦᠪᠯᠡᠯ᠂ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ᠂ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶ᠎ᠠ ᠶᠢᠨ ᠲᠠᠳ᠋ ᠲᠤᠰᠢᠶᠠᠯ ᠲᠠᠢ ᠤᠳᠤᠷᠢᠳᠤᠯᠭ᠎ᠠ ᠨᠠᠷ ᠤᠨ ᠲᠤᠳᠤᠷ᠎ᠠ ᠡᠴᠨ ᠤᠷᠤᠯᠠᠭᠴᠢ ᠶᠢᠨ ᠵᠢᠱᠢᠭ᠍ᠳᠡᠭᠴᠢ ᠵᠢ ᠲᠤᠭᠳᠠᠭᠠᠨ᠎ᠠ᠃ ᠪᠠᠢ᠌ᠴᠠᠭᠠᠬᠤ ᠬᠤᠷᠢᠶ᠎ᠠ ᠶᠢᠨ ᠤᠷᠤᠯᠠᠭᠴᠢ ᠪᠠᠢ᠌ᠴᠠᠭᠠᠬᠤ ᠲᠠᠷᠤᠭ᠎ᠠ ᠵᠢ ᠲᠤᠭᠳᠠᠭᠠᠬᠤ ᠳᠤ ᠡᠷᠭᠡᠪᠰᠢ ᠲᠠᠭᠡᠷ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢ᠌ᠩᠭᠤ ᠶᠢᠨ ᠬᠤᠷᠢᠶ᠎ᠠ ᠪᠤᠯᠤᠨ ᠠᠷᠠᠳ ᠤᠨ ᠪᠠᠢ᠌ᠴᠠᠭᠠᠬᠤ ᠬᠤᠷᠢᠶ᠎ᠠ ᠳᠤ ᠲᠠᠩᠰᠠᠯᠠᠭᠤᠯᠤᠨ ᠲᠠᠮᠳᠡᠭᠯᠡᠬᠦᠯᠤᠨ᠎ᠠ᠃
   ᠬᠤᠰᠢᠭᠤᠨ ᠤ ᠵᠠᠰᠠᠭ ᠤᠨ ᠤᠷᠳᠤᠨ ᠤ ᠪᠤᠰᠤᠤᠨ ᠪᠦᠷᠢᠯᠳᠤᠬᠦᠨ ᠭᠡᠰᠢᠬᠦᠨ᠂ ᠬᠤᠰᠢᠭᠤᠨ ᠤ ᠬᠢᠨᠠᠨ ᠪᠠᠢ᠌ᠴᠠᠭᠠᠬᠤ ᠵᠦᠪᠯᠡᠯ ᠤᠨ ᠲᠠᠳ᠋ ᠡᠷᠬᠢᠯᠡᠭᠴᠢ᠂ ᠰᠢᠬᠦᠭᠴᠢ᠂ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶ᠎ᠠ ᠶᠢᠨ ᠲᠠᠳ᠋ ᠬᠤᠷᠢᠶᠠᠨ ᠲᠠᠷᠤᠭ᠎ᠠ᠂ ᠪᠠᠢ᠌ᠴᠠᠭᠠᠬᠤ ᠵᠦᠪᠯᠡᠯ ᠤᠨ ᠭᠡᠰᠢᠬᠦᠨ᠂ ᠪᠠᠢ᠌ᠴᠠᠭᠠᠭᠴᠢ  ᠵᠢ ᠲᠤᠮᠢᠯᠠᠵᠤ ᠪᠠᠭᠤᠯᠭᠠᠬᠤ ᠵᠢ ᠲᠤᠭᠳᠠᠭᠠᠨ᠎ᠠ᠃
   ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠤᠷᠠᠯ ᠲᠠᠬᠦᠰᠦᠭᠰᠨᠨ ᠬᠤᠭᠤᠴᠠᠭᠠᠨ ᠳᠤ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠤᠭᠳᠠᠭᠰᠨᠨ ᠤᠷᠤᠨ ᠲᠤᠭ᠎ᠠ ᠡᠴᠨ ᠲᠤᠳᠠᠭᠰᠨᠨ ᠵᠠᠷᠢᠮ ᠲᠦᠯᠤᠭᠡᠯᠡᠭᠴᠢ ᠵᠢ ᠨᠦᠬᠦᠪᠤᠷᠢᠯᠡᠬᠦ ᠪᠠ ᠤᠭᠴᠠᠷᠠᠭᠤᠯᠤᠨ᠎ᠡ᠃ ᠭᠠᠵᠠᠷ ᠤᠷᠤᠨ ᠤ ᠢᠷᠠᠭᠤ ᠠᠯᠳᠠᠷ ᠤᠯᠭᠤᠬᠤ ᠵᠢ ᠲᠤᠭᠳᠠᠭᠠᠨ᠎ᠡ᠃
    ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢ᠌ᠩᠭᠤ ᠶᠢᠨ ᠬᠤᠷᠢᠶ᠎ᠠ ᠶᠢᠨ ᠡᠷᠬᠢᠯᠡᠭᠴᠢ ᠶᠢᠨ ᠬᠤᠷᠠᠯ ᠨᠢ ᠪᠠᠢ᠌ᠩᠭᠤ ᠶᠢᠨ ᠬᠤᠷᠢᠶ᠎ᠠ ᠳᠤ ᠲᠤᠰ ᠱᠠᠳᠤᠨ ᠤ ᠪᠠᠢ᠌ᠩᠭᠤ ᠶᠢᠨ ᠬᠤᠷᠢᠶ᠎ᠠ ᠶᠢᠨ ᠡᠷᠭᠡ ᠲᠤᠰᠢᠶᠠᠯ ᠤᠨ ᠭᠡᠪᠴᠢᠶᠠᠨ ᠲᠤᠳᠤᠷᠠᠬᠢ ᠰᠠᠨᠠᠭᠤᠯᠭ᠎ᠠ ᠲᠤᠷᠠᠳᠴᠤ ᠪᠤᠯᠬᠤ ᠪᠦᠭᠡᠳ ᠪᠠᠢ᠌ᠩᠭᠤ ᠶᠢᠨ ᠬᠤᠷᠢᠶ᠎ᠠ ᠶᠢᠨ ᠬᠤᠷᠠᠯ  ᠶᠢᠠᠷ ᠬᠢᠨᠠᠨ ᠵᠦᠪᠯᠡᠬᠦᠯᠤᠨ᠎ᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢ᠌ᠩᠭᠤ ᠶᠢᠨ ᠬᠤᠷᠢᠶ᠎ᠠ ᠶᠢᠨ ᠪᠦᠷᠢᠯᠳᠤᠬᠦᠨ ᠭᠡᠰᠢᠬᠦᠨ 3 ᠬᠦᠮᠤᠨ ᠡᠴᠨ ᠲᠠᠭᠡᠭᠰᠢ ᠨᠠᠷ᠎ᠠ ᠬᠤᠯᠪᠤᠭᠠᠯᠨᠨ ᠪᠠᠢ᠌ᠩᠭᠤ ᠶᠢᠨ ᠬᠤᠷᠢᠶ᠎ᠠ ᠳᠤ ᠲᠤᠰ ᠱᠠᠳᠤᠨ ᠤ ᠪᠠᠢ᠌ᠩᠭᠤ ᠶᠢᠨ ᠬᠤᠷᠢᠶ᠎ᠠ ᠶᠢᠨ ᠡᠷᠭᠡ ᠲᠤᠰᠢᠶᠠᠯ ᠤᠨ ᠭᠡᠪᠴᠢᠶᠠᠨ ᠲᠤᠳᠤᠷᠠᠬᠢ ᠰᠠᠨᠠᠭᠤᠯᠭ᠎ᠠ ᠲᠤᠷᠠᠳᠴᠤ᠂ ᠡᠷᠬᠢᠯᠡᠭᠴᠢ ᠶᠢᠨ ᠬᠤᠷᠠᠯ ᠡᠴᠨ ᠪᠠᠢ᠌ᠩᠭᠤ ᠶᠢᠨ ᠬᠤᠷᠢᠶ᠎ᠠ ᠶᠢᠨ ᠬᠤᠷᠠᠯ ᠶᠢᠠᠷ ᠬᠢᠨᠠᠨ ᠵᠦᠪᠯᠡᠬᠦᠯᠬᠦ ᠡᠰᠡᠬᠦ ᠵᠢ ᠲᠤᠭᠳᠠᠭᠠᠨ᠎ᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢ᠌ᠩᠭᠤ ᠶᠢᠨ ᠬᠤᠷᠠᠯ ᠤᠨ ᠬᠤᠭᠤᠴᠠᠭᠠᠨ ᠳᠤ᠂ ᠪᠠᠢ᠌ᠩᠭᠤ ᠶᠢᠨ ᠬᠤᠷᠢᠶ᠎ᠠ ᠶᠢᠨ ᠪᠦᠷᠢᠯᠳᠤᠬᠦᠨ ᠭᠡᠰᠢᠬᠦᠨ 3 ᠬᠦᠮᠤᠨ ᠡᠴᠨ ᠲᠠᠭᠡᠭᠰᠢ ᠨᠠᠷ᠎ᠠ ᠬᠤᠯᠪᠤᠭᠠᠯᠨᠨ᠂ ᠪᠠᠢ᠌ᠩᠭᠤ ᠶᠢᠨ ᠬᠤᠷᠢᠶ᠎ᠠ ᠳᠤ ᠪᠢᠴᠢᠭ᠌ ᠤᠨ ᠭᠡᠯᠪᠡᠷᠢ ᠪᠡᠷ ᠬᠤᠰᠢᠭᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠬᠢᠨᠠᠨ ᠪᠠᠢ᠌ᠴᠠᠭᠠᠬᠤ ᠵᠦᠪᠯᠡᠯ᠂ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ᠂ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠡᠴᠨ ᠲᠤᠯᠭᠠᠨ ᠯᠠᠪᠯᠠᠬᠤ ᠲᠤᠷᠠᠳᠤᠯᠭ᠎ᠠ ᠲᠤᠷᠠᠳᠴᠤ ᠪᠤᠯᠤᠨ᠎ᠠ᠃

ᠡᠮᠦᠨᠡᠬᠢ᠄ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ
ᠳᠠᠷᠠᠭᠠᠬᠢ᠄ ᠪᠠᠢ᠌ᠬᠤ ᠦᠭᠡᠢ᠃