ᠤᠳᠤ ᠶᠢᠨ ᠪᠠᠢ᠌ᠷᠢ᠄ ᠦᠨᠳᠤᠰᠤᠨ ᠱᠠᠳᠤᠨ ᠤ ᠠᠵᠢᠯ → ᠬᠠᠷᠢᠯᠴᠠᠨ ᠰᠤᠷᠤᠯᠴᠠᠨ ᠬᠠᠮᠳᠤ  ᠳᠠᠭᠠᠨ᠁
ᠬᠠᠷᠢᠯᠴᠠᠨ ᠰᠤᠷᠤᠯᠴᠠᠨ ᠬᠠᠮᠳᠤ  ᠳᠠᠭᠠᠨ ᠲᠠᠭᠡᠭᠰᠢᠯᠡᠶ᠎ᠠ

 

3 ᠰᠠᠷ᠎ᠠ ᠶᠢᠨ 29᠋᠋ ᠤ ᠡᠳᠤᠷ᠂ ᠰᠢᠶᠠᠩᠱᠠᠨ ᠪᠠᠯᠭᠠᠰᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢᠳ ᠤᠨ ᠪᠦᠯᠬᠦᠮ ᠡᠴᠨ 45ᠨᠡᠷᠡᠰ ᠠᠷᠠᠳ ᠤᠨ ᠲᠦᠯᠤᠭᠡᠯᠡᠭᠴᠢᠳ ᠵᠢᠴᠢ ᠬᠠᠮᠢᠶ᠎ᠠ ᠪᠦᠬᠦᠢ ᠬᠦᠮᠤᠰ ᠢ ᠵᠤᠬᠢᠶᠠᠨ ᠪᠠᠢᠭᠤᠯᠵᠤ ᠪᠠᠶᠠᠨᠳᠠᠯ᠎ᠠ ᠰᠤᠮᠤ ᠳᠤ ᠬᠦᠷᠴᠤ ᠪᠠᠢᠴᠠᠭᠠᠨ ᠰᠤᠷᠤᠯᠴᠠᠭᠰᠨᠨ ᠪᠠᠢᠨ᠎ᠡ᠃ ᠪᠠᠢᠴᠠᠭᠠᠬᠤ ᠪᠦᠯᠬᠦᠮ ᠤᠷᠢᠳ ᠬᠤᠵᠢᠳ ᠪᠠᠶᠠᠨᠳᠠᠯ᠎ᠠ ᠰᠤᠮᠤ ᠶᠢᠨ ᠵᠡᠬᠦᠨ ᠰᠠᠯᠠᠭ᠎ᠠ ᠭᠠᠴᠠᠭ᠎ᠠ᠂ ᠰᠢᠨ ᠠᠨ ᠲᠤᠨ ᠲᠤᠰᠬᠤᠨ᠂ ᠱᠤᠸᠠᠩ ᠯᠦᠩ ᠵᠸᠨ ᠭᠠᠴᠠᠭ᠎ᠠ᠂ ᠪᠠᠷᠠᠭᠤᠨ ᠪᠠᠶᠠᠨᠳᠠᠯ᠎ᠠ ᠭᠠᠴᠠᠭ᠎ᠠ ᠶᠢᠨ ᠲᠠᠷᠢᠮᠠᠯ ᠲᠠᠵᠢᠭᠡᠪᠤᠷᠢ ᠶᠢᠨ ᠤᠢᠯᠡᠰ ᠵᠢᠴᠢ ᠤᠨᠴᠠᠯᠢᠭᠳᠤ ᠭᠠᠷ ᠤᠷᠠᠯᠠᠯ ᠤᠨ ᠨᠡᠭᠡᠮᠡᠯ ᠵᠡᠷᠭᠡ ᠤᠨᠴᠠᠯᠢᠭᠳᠤ ᠠᠵᠤ ᠤᠢᠯᠡᠰ ᠤᠨ ᠲᠤᠭᠤᠷᠢᠨ ᠳᠤ᠂ᠤᠨᠴᠠᠭᠠᠢᠯᠠᠨ ᠪᠠᠶᠠᠨᠳᠠᠯ᠎ᠠ ᠰᠤᠮᠤ ᠶᠢᠨ ᠠᠷᠠᠳ ᠤᠨ ᠲᠦᠯᠤᠭᠡᠯᠡᠭᠴᠢ ᠶᠢᠨ ᠲᠤᠰᠬᠤᠨ ᠤ ᠤᠯᠠᠨ ᠶᠢᠠᠨ ᠲᠠᠭᠠᠭᠤᠯᠤᠨ ᠤᠷᠤᠯᠭ᠎ᠠ ᠪᠠᠨ ᠨᠡᠮᠡᠭᠳᠡᠬᠦᠯᠤᠨ ᠪᠠᠶᠠᠵᠢᠭᠰᠠᠨ ᠵᠡᠷᠭᠡ ᠲᠠᠯ᠎ᠠ ᠶᠢᠨ ᠭᠤᠤᠯᠳᠠᠯᠭ᠎ᠠ ᠲᠠᠢ ᠨᠡᠢᠳᠡᠯᠢᠭ᠌ ᠵᠢᠱᠢᠶᠡᠴᠢ ᠤᠢᠯᠨ ᠠᠵᠢᠯᠯᠠᠭ᠎ᠠ ᠶᠢ ᠰᠤᠷᠤᠯᠴᠠᠨ ᠰᠤᠯᠢᠯᠴᠠᠭᠰᠨᠨ ᠪᠠᠢᠨ᠎ᠡ᠃




ᠲᠤᠬᠠᠢ ᠶᠢᠨ ᠲᠠᠯᠠᠪᠠᠢ ᠳᠤ᠂ ᠰᠤᠷᠤᠯᠴᠠᠨ ᠰᠤᠳᠤᠯᠤᠨ ᠪᠠᠢᠴᠠᠭᠠᠬᠤ ᠪᠡᠷ ᠢᠷᠡᠭᠰᠨᠨ ᠲᠦᠯᠤᠭᠡᠯᠡᠭᠴᠢ ᠪᠠᠶᠠᠨᠳᠠᠯ᠎ᠠ ᠰᠤᠮᠤ ᠶᠢᠨ ᠠᠵᠤ ᠠᠬᠤᠢᠯᠠᠯ ᠤᠨ ᠬᠦᠭᠵᠢᠯᠳᠠ ᠶᠢᠨ ᠪᠠᠢᠳᠠᠯ ᠵᠢᠴᠢ ᠡᠬᠦᠨ  ᠡᠴᠨ ᠬᠤᠢᠰᠢᠳᠠ ᠶᠢᠨ ᠬᠦᠭᠵᠢᠯᠳᠠ ᠶᠢᠨ ᠬᠠᠨᠳᠤᠰᠢ ᠶᠢ ᠨᠠᠷᠢᠨ ᠨᠢᠭᠳᠠ ᠤᠢᠯᠠᠭᠠᠬᠤ ᠶᠢᠨ ᠬᠠᠮᠳᠤ᠂ ᠪᠠᠶᠠᠨᠳᠠᠯ᠎ᠠ ᠰᠤᠮᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠠᠷᠢᠬᠦᠯᠡᠭᠴᠢᠳ ᠤᠨ ᠪᠦᠯᠬᠦᠮ ᠲᠠᠢ ᠬᠠᠷᠢᠯᠴᠠᠨ ᠤᠢᠯᠡᠳᠤᠯᠴᠡᠨ᠂ ᠲᠤᠷᠰᠢᠯᠭ᠎ᠠ ᠠᠷᠭ᠎ᠠ ᠪᠠᠨ ᠰᠤᠯᠢᠯᠴᠠᠵᠤ᠂ ᠲᠦᠯᠤᠭᠡᠯᠡᠭᠴᠢ ᠶᠢᠨ ᠵᠠᠰᠠᠭ ᠢ ᠮᠡᠳᠡᠬᠦ᠂ ᠵᠠᠰᠠᠭ ᠢ ᠬᠢᠨᠠᠨ ᠡᠬᠦᠷᠭᠡ ᠲᠤᠰᠢᠶᠠᠯ ᠶᠢᠠᠨ ᠨᠡᠩ ᠰᠠᠢᠨ ᠶᠢᠠᠷ ᠬᠦᠢᠴᠡᠳᠭᠡᠬᠦ ᠳᠤ ᠰᠢᠨ᠎ᠡ ᠬᠤᠪᠢ ᠨᠡᠮᠡᠷᠢ ᠦᠵᠡᠬᠦᠯᠦᠭᠰᠨᠨ ᠪᠠᠢᠨ᠎ᠡ᠃

ᠰᠤᠯᠢᠯᠴᠠᠬᠤ ᠲᠤᠮᠳᠠ᠂ ᠠᠷᠠᠳ ᠤᠨ ᠲᠦᠯᠤᠭᠡᠯᠡᠭᠴᠢᠳ ᠡᠴᠨ ᠲᠤᠰ ᠤᠳᠠᠭᠠᠨ ᠤ ᠬᠠᠷᠢᠯᠴᠠᠨ ᠰᠤᠷᠤᠯᠴᠠᠭᠰᠨᠨ ᠤᠢᠯᠡᠳᠤᠯᠴᠡᠭᠡ ᠲᠤᠢᠯ ᠤᠨ ᠶᠡᠭᠡ ᠤᠳᠬ᠎ᠠ ᠠᠭᠤᠯᠭ᠎ᠠ ᠲᠠᠢ ᠪᠠᠢᠵᠤ᠂ ᠰᠤᠷᠤᠯᠴᠠᠯᠭ᠎ᠠ ᠪᠠᠢᠴᠠᠭᠠᠯᠳᠠ ᠪᠡᠷ ᠲᠠᠮᠵᠢᠨ ᠨᠢᠳᠤᠨ ᠬᠠᠷᠠᠭ᠎ᠠ ᠪᠠᠨ ᠦᠷᠭᠡᠳᠭᠡᠨ᠂ ᠰᠡᠩᠭᠡᠷᠡᠬᠦᠯᠤᠯ ᠬᠦᠷᠳᠡᠵᠤ᠂ ᠤᠯᠤᠯᠳᠠ ᠪᠠᠭ᠎ᠠ ᠪᠤᠰᠤ᠂ ᠰᠠᠢᠨ ᠲᠤᠷᠰᠢᠯᠭ᠎ᠠ ᠶᠢ ᠰᠤᠷᠴᠤ᠂ ᠰᠢᠨ᠎ᠡ ᠲᠤᠰᠬᠤᠨ ᠤ ᠪᠦᠳᠤᠭᠡᠨ ᠪᠠᠢᠭᠤᠯᠤᠯᠳᠠ ᠶᠢ ᠲᠦᠯᠬᠢᠨ ᠠᠬᠢᠭᠤᠯᠬᠤ᠂ ᠬᠦᠳᠡᠭᠡ ᠲᠤᠰᠬᠤᠨ ᠤ ᠮᠡᠨᠳᠤᠨ ᠬᠦᠭᠵᠢᠯᠳᠠ᠂ ᠦᠵᠡᠰᠬᠦᠯᠡᠩᠳᠤ ᠰᠠᠢᠬᠠᠨ ᠰᠢᠶᠠᠩᠱᠠᠨ ᠢ ᠪᠦᠳᠤᠭᠡᠨ ᠪᠠᠢᠭᠤᠯᠬᠤ ᠳᠤ ᠮᠡᠷᠭᠡᠨ ᠰᠠᠢᠨ ᠠᠷᠭ᠎ᠠ ᠪᠤᠳᠤᠯᠭ᠎ᠠ ᠲᠠᠪᠰᠢᠬᠦᠯᠤᠨ ᠬᠤᠪᠢ ᠨᠡᠮᠡᠷᠢ ᠪᠠᠨ ᠦᠵᠡᠬᠦᠯᠤᠨ᠎ᠡ ᠭᠡᠵᠡᠭᠡᠵᠡᠢ᠃

 

 

ᠡᠮᠦᠨᠡᠬᠢ᠄ ᠠᠷᠠᠳ ᠤᠨ ᠲᠦ᠋ᠯᠦᠭᠡᠯᠡᠭ᠍ᠴᠢ᠍ᠳ ᠲᠤ ᠬᠦᠷᠭᠡᠭ᠍ᠰᠡᠨ ᠴᠠᠭᠠᠨ ᠰᠠᠷ᠎ᠠ ᠶᠢᠨ ᠤᠨᠴᠠᠭᠠᠢ ᠪᠡᠯᠡᠭ᠌
ᠳᠠᠷᠠᠭᠠᠬᠢ᠄ ᠵᠢᠷᠦᠭᠡ ᠪᠠᠯᠭᠠᠰᠤ ᠶᠢᠨ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠭᠤᠷᠪᠠᠳ᠋ᠤᠭᠠᠷ ᠤᠳ᠋ᠠᠭᠠᠨ ᠤ ᠬᠤᠷᠠᠯᠳ᠋ᠤᠭᠠᠨ ᠬᠤᠷᠠᠯᠳ᠋ᠤᠪᠠ