ᠤᠳᠤ ᠶᠢᠨ ᠪᠠᠢ᠌ᠷᠢ᠄ ᠦᠨᠳᠤᠰᠤᠨ ᠱᠠᠳᠤᠨ ᠤ ᠠᠵᠢᠯ → ᠵᠢᠷᠦᠭᠡ ᠪᠠᠯᠭᠠᠰᠤ ᠶᠢᠨ ᠠᠷᠪᠠᠨ ᠲᠤᠯᠤᠳ᠋ᠤᠭᠠᠷ᠁
ᠵᠢᠷᠦᠭᠡ ᠪᠠᠯᠭᠠᠰᠤ ᠶᠢᠨ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠭᠤᠷᠪᠠᠳ᠋ᠤᠭᠠᠷ ᠤᠳ᠋ᠠᠭᠠᠨ ᠤ ᠬᠤᠷᠠᠯᠳ᠋ᠤᠭᠠᠨ ᠬᠤᠷᠠᠯᠳ᠋ᠤᠪᠠ

 3ᠰᠠᠷ᠎ᠠ ᠶᠢᠨ 29 ᠦ ᠡᠳ᠋ᠦᠷ᠂ ᠵᠢᠷᠦᠭᠡ ᠪᠠᠯᠭᠠᠰᠤ ᠶᠢᠨ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠭᠤᠷᠪᠠᠳ᠋ᠤᠭᠠᠷ ᠤᠳ᠋ᠠᠭᠠᠨ ᠤ ᠬᠤᠷᠠᠯᠳ᠋ᠤᠭᠠᠨ ᠬᠤᠷᠠᠯᠳ᠋ᠤᠪᠠ᠃56 ᠨᠡᠷᠡᠰ ᠠᠷᠠᠳ ᠤᠨ ᠲᠦ᠋ᠯᠦᠭᠡᠯᠡᠭ᠍ᠴᠢ ᠪᠠ16 ᠨᠡᠷᠡᠰ ᠰᠤᠯᠨ ᠤᠷᠤᠯᠴᠠᠭᠴᠢ ᠶᠡᠭᠡ ᠬᠤᠷᠠᠯ ᠳᠤ ᠤᠷᠤᠯᠴᠠᠪᠠ᠃



ᠬᠤᠷᠠᠯ ᠳᠡᠭᠡᠷ᠎ᠠ᠂ ᠵᠢᠷᠦᠭᠡ ᠪᠠᠯᠭᠠᠰᠤ ᠶᠢᠨ ᠠᠷᠠᠳ ᠤᠨ ᠵᠠᠰᠠᠭ ᠤᠨ ᠤᠷᠳ᠋ᠤᠨ ᠤ ᠳᠠᠷᠤᠭ᠎ᠠ ᠵᠢᠶᠠᠩ ᠶᠦ᠋ᠩ ᠱᠠᠨ ᠵᠠᠰᠠᠭ ᠤᠨ ᠤᠷᠳ᠋ᠤᠨ ᠤ ᠠᠵᠢ᠍ᠯ ᠤᠨ ᠢᠯᠡᠳᠭᠡᠯ ᠬᠢᠵᠤ᠂ ᠠᠷᠠᠳ ᠤᠨ ᠲᠦ᠋ᠯᠦᠭᠡᠯᠩᠴᠢ᠍ᠳ ᠦᠨ ᠶᠡᠭᠡ ᠬᠤᠷᠠᠯ ᠦᠨ ᠲᠡᠷᠢ᠍ᠬᠦᠯᠡᠭ᠍ᠴᠢ ᠵᠦ ᠹᠧᠩ ᠰᠸᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠲᠡᠷᠢ᠍ᠭᠦᠯᠡᠭ᠍ᠴᠢ᠍ᠳ ᠦᠨ ᠪᠦᠯᠬᠦᠮ ᠤᠨ ᠠᠵᠢ᠍ᠯ ᠤᠨ ᠮᠡᠳ᠋ᠡᠬᠦᠯᠦᠯᠳ᠋ᠡ ᠬᠢᠭ᠍ᠰᠡᠨ ᠪᠠᠢ᠌ᠨ᠎ᠠ᠃

ᠬᠤᠷᠠᠯ ᠤᠨ ᠬᠤᠭᠤᠴᠠᠭᠠᠨ ᠳᠤ᠂ ᠲᠦ᠋ᠯᠦᠭᠡᠯᠡᠭ᠍ᠴᠢ᠍ᠳ ᠡᠴᠡ ᠪᠠᠯᠭᠠᠰᠤᠨ ᠤ ᠪᠠᠨ ᠪᠤᠳ᠋ᠠᠳ᠋ᠠᠢ ᠳᠤ ᠵᠤᠬᠢᠴᠠᠭᠤᠯᠤᠨ᠂ ᠲᠤᠰᠢ᠍ᠶᠠᠯ ᠬᠠᠷᠢ᠍ᠭᠤᠴᠠᠯᠭ᠎ᠠ ᠪᠠᠨ ᠨᠠᠷᠢ᠍ᠨ ᠬᠢᠨᠠᠮᠠᠭᠠᠢ ᠬᠦᠢ᠍ᠴᠡᠳᠬᠡᠵᠤ᠂ ᠰᠠᠨᠠᠯ ᠵᠦ᠋ᠪᠯᠡᠯᠭᠡ ᠢᠳ᠋ᠡᠪᠬᠢᠲᠠᠢ ᠲᠤᠷᠠᠳ᠋ᠤᠨ᠂ ᠲᠦ᠋ᠯᠦᠭᠡᠯᠡᠭ᠍ᠴᠢ ᠶᠢᠨ ᠤᠯᠤᠰ ᠲᠦ᠋ᠷᠦ ᠶᠢᠨ ᠬᠠᠷᠢ᠍ᠭᠤᠴᠠᠯᠭᠠᠳ᠋ᠤ ᠰᠡᠳᠬᠢᠯᠭᠡ ᠪᠤᠯᠤᠨ ᠡᠵᠡᠨ ᠬᠦᠮᠦᠨ ᠤ ᠵᠤᠷᠢ᠍ᠭ ᠰᠠᠨᠠᠭ᠎ᠠ ᠶᠢ ᠬᠦᠢ᠍ᠴᠡᠳ ᠢᠯᠡᠷᠡᠭᠦᠯᠦᠭ᠍ᠰᠡᠨ ᠪᠠᠢ᠌ᠨ᠎ᠠ᠃

ᠶᠡᠭᠡ ᠬᠤᠷᠠᠯ ᠨᠢ ᠰᠦ᠋ᠷ ᠵᠢᠪᠬᠤᠯᠠᠩᠳ᠋ᠤ ᠤᠯᠤᠰ ᠤᠨ ᠳᠠᠭᠤᠤ ᠶᠢᠨ ᠲᠤᠮᠳ᠋ᠡ ᠠᠮᠵᠢ᠍ᠯᠳ᠋ᠠ ᠲᠡᠶ ᠦᠨᠳ᠋ᠦᠷᠯᠡᠪᠡ᠃

 

ᠡᠮᠦᠨᠡᠬᠢ᠄ ᠬᠠᠷᠢᠯᠴᠠᠨ ᠰᠤᠷᠤᠯᠴᠠᠨ ᠬᠠᠮᠳᠤ  ᠳᠠᠭᠠᠨ ᠲᠠᠭᠡᠭᠰᠢᠯᠡᠶ᠎ᠠ
ᠳᠠᠷᠠᠭᠠᠬᠢ᠄ ᠵᠠᠷᠤᠳ ᠬᠤᠰᠢ᠍ᠭᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠦᠨ ᠲᠤᠷᠰᠢ᠍ᠯᠳ᠋ᠡ ᠶᠢᠨ ᠴᠡᠭ᠌ ᠪᠠᠶᠠᠷᠲᠤᠬᠤᠰᠢ᠍ᠭᠤ ᠪᠠᠯᠭᠠᠰᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠪᠢᠯᠸᠲ ᠦᠭ᠍ᠴᠦ ᠪᠠᠳ᠋ᠤᠯᠠᠬᠤ ᠲᠦ᠋ᠷᠢ᠍ᠮ ᠦᠨ ᠠᠵᠢ᠍ᠯ ᠢ ᠲᠦ᠋ᠯᠬᠢᠨ ᠠᠬᠢᠭᠤᠯᠵᠤ ᠪᠠᠢ᠌ᠭ᠎ᠠ