ᠤᠳᠤ ᠶᠢᠨ ᠪᠠᠢ᠌ᠷᠢ᠄ ᠦᠨᠳᠤᠰᠤᠨ ᠱᠠᠳᠤᠨ ᠤ ᠠᠵᠢᠯ → ᠵᠠᠷᠤᠳ ᠬᠤᠰᠢ᠍ᠭᠤᠨ ᠤ ᠠᠷᠠᠳ ᠤᠨ ᠠᠮᠢ᠍ᠳ᠋ᠤᠷᠠᠯ ᠤᠨ᠁
ᠵᠠᠷᠤᠳ ᠬᠤᠰᠢ᠍ᠭᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠦᠨ ᠲᠤᠷᠰᠢ᠍ᠯᠳ᠋ᠡ ᠶᠢᠨ ᠴᠡᠭ᠌ ᠪᠠᠶᠠᠷᠲᠤᠬᠤᠰᠢ᠍ᠭᠤ ᠪᠠᠯᠭᠠᠰᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠪᠢᠯᠸᠲ ᠦᠭ᠍ᠴᠦ ᠪᠠᠳ᠋ᠤᠯᠠᠬᠤ ᠲᠦ᠋ᠷᠢ᠍ᠮ ᠦᠨ ᠠᠵᠢ᠍ᠯ ᠢ ᠲᠦ᠋ᠯᠬᠢᠨ ᠠᠬᠢᠭᠤᠯᠵᠤ ᠪᠠᠢ᠌ᠭ᠎ᠠ
ᠪᠠᠶᠠᠷᠲᠤᠬᠤᠰᠢ᠍ᠭᠤ ᠪᠠᠯᠭᠠᠰᠤ ᠪᠤᠯ ᠵᠠᠷᠤᠳ ᠬᠤᠰᠢ᠍ᠭᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠪᠢᠯᠸᠲ ᠦᠭ᠍ᠴᠦ ᠪᠠᠳ᠋ᠤᠯᠠᠬᠤ ᠲᠦ᠋ᠷᠢ᠍ᠮ ᠦᠨ ᠲᠤᠷᠰᠢ᠍ᠯᠳ᠋ᠡ ᠶᠢᠨ ᠴᠡᠭ᠌ ᠦᠨ ᠰᠤᠮᠤ ᠪᠠᠯᠭᠠᠰᠤ ᠶᠢᠨ ᠨᠢ᠍ᠭᠡ ᠪᠤᠯᠤᠨ᠎ᠠ᠃3 ᠰᠠᠷ᠎ᠠ ᠶᠢᠨ 29᠋ ᠤ ᠡᠳ᠋ᠦᠷ᠂ ᠪᠠᠶᠠᠷᠲᠤᠬᠤᠰᠢ᠍ᠭᠤ ᠪᠠᠯᠭᠠᠰᠤ  ᠶᠢᠨ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠭᠤᠷᠪᠠᠳ᠋ᠤᠭᠠᠷ ᠤᠳ᠋ᠠᠭᠠᠨ ᠤ ᠬᠤᠷᠠᠯᠳ᠋ᠤᠭᠠᠨ ᠳᠡᠭᠡᠷ᠎ᠠ᠂ ᠬᠤᠪᠤᠯᠳ᠋ᠤ ᠭᠠᠴᠠᠭᠠᠨ ᠤ 5 ᠺᠢᠯᠦᠮᠸᠲ᠋ᠷ ᠵᠠᠢ᠌ᠷ ᠴᠢ᠍ᠯᠠᠭᠤᠨ ᠵᠠᠮ ᠢ ᠵᠠᠰᠠᠨ ᠪᠠᠢ᠌ᠭᠤᠯᠬᠤ᠂ 200 ᠮᠸᠲ᠋ᠷ ᠦᠨ ᠭᠤᠤᠯ ᠭᠠᠳ᠋ᠤᠯᠬᠤ ᠵᠠᠮ ᠤᠨ ᠠᠷᠠᠳ ᠤᠨ ᠠᠮᠢ᠍ᠳ᠋ᠤᠷᠠᠯ ᠤᠨ ᠲᠦ᠋ᠷᠦᠯ ᠵᠦ᠋ᠢ᠍ᠯ ᠨᠢ 37 ᠵᠦ᠋ᠪᠰᠢ᠍ᠶᠡᠷᠡᠭ᠍ᠰᠡᠨ ᠪᠢᠯᠸᠲ ᠤᠯᠵᠤ᠂ ᠲᠦ᠋ᠪᠰᠢ᠍ᠨ ᠭᠠᠴᠠᠭ᠎ᠠ ᠶᠢᠨ ᠵᠢᠭᠤᠯᠴᠢ᠍ᠯᠡᠯ ᠤᠨ ᠭᠦᠭ᠍ᠵᠢ᠍ᠭᠦᠯᠦᠯᠳ᠋ᠡ ᠶᠢᠨ ᠲᠦ᠋ᠷᠦᠯ ᠵᠦ᠋ᠢ᠍ᠯ ᠨᠢ 38 ᠵᠦ᠋ᠪᠰᠢ᠍ᠶᠡᠷᠡᠭ᠍ᠰᠡᠨ ᠪᠢᠯᠸᠲ ᠤᠯᠵᠤ᠂2019 ᠤᠨ ᠤ ᠪᠠᠯᠭᠠᠰᠤ ᠶᠢᠨ ᠵᠠᠰᠠᠭ ᠤᠨ ᠤᠷᠳ᠋ᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠪᠤᠯᠤᠭᠰᠠᠨ ᠪᠠᠢ᠌ᠨ᠎ᠠ᠃


ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠪᠢᠯᠸᠲ ᠦᠭ᠍ᠴᠦ ᠪᠠᠳ᠋ᠤᠯᠠᠬᠤ ᠲᠦ᠋ᠷᠢ᠍ᠮ ᠪᠤᠯ ᠦᠨᠳ᠋ᠦᠰᠦᠨ ᠱᠠᠳ᠋ᠤᠨ ᠤ ᠠᠷᠠᠳᠴᠢ᠍ᠯᠠᠯᠳ᠋ᠤ ᠬᠠᠤᠯᠢ ᠪᠡᠷ ᠵᠠᠰᠠᠬᠤ ᠶᠢᠨ ᠰᠦ᠋ᠪᠡᠭ᠍ᠴᠢ᠍ᠯᠡᠯ ᠤᠨ ᠰᠢ᠍ᠨ᠎ᠠ ᠡᠭᠦᠳ᠋ᠦᠯᠳ᠋ᠡ ᠪᠤᠯᠬᠤ ᠪᠡᠷ ᠪᠠᠷᠠᠬᠤ ᠦᠭᠡᠶ ᠮᠦ᠋ᠨ ᠴᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠲᠦ᠋ᠷᠢ᠍ᠮ ᠦᠨ ᠴᠠᠭ ᠦᠶ᠎ᠠ ᠲᠡᠶ ᠵᠡᠷᠭᠡᠪᠡᠷ ᠤᠷᠤᠭᠰᠢ᠍ᠯᠠᠨ ᠬᠠᠤᠯᠢ ᠪᠡᠷ ᠡᠷᠬᠡ ᠪᠠᠨ ᠬᠡᠷᠡᠭ᠍ᠵᠢ᠍ᠬᠦᠯᠬᠦ ᠶᠢ ᠲᠦ᠋ᠯᠬᠢᠨ ᠠᠬᠢᠭᠤᠯᠬᠤ ᠶᠢᠨ ᠴᠢ᠍ᠬᠤᠯᠨ ᠭᠠᠷᠳ᠋ᠠᠯ ᠪᠠᠢ᠌ᠵᠤ᠂ ᠠᠷᠠᠳ ᠤᠨ ᠲᠦ᠋ᠯᠦᠭᠡᠯᠡᠭ᠍ᠴᠢ᠍ᠳ ᠦᠢ᠍ᠯᠡᠳ᠋ᠦᠯ ᠶᠢᠠᠨ ᠬᠦᠢ᠍ᠴᠡᠳ ᠪᠠᠳ᠋ᠠᠷᠠᠭᠤᠯᠬᠤ ᠶᠢᠨ ᠴᠢ᠍ᠬᠤᠯᠨ ᠲᠠᠪᠴᠠᠩ ᠪᠤᠯᠤᠨ᠎ᠠ᠃

 

ᠡᠮᠦᠨᠡᠬᠢ᠄ ᠵᠢᠷᠦᠭᠡ ᠪᠠᠯᠭᠠᠰᠤ ᠶᠢᠨ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠭᠤᠷᠪᠠᠳ᠋ᠤᠭᠠᠷ ᠤᠳ᠋ᠠᠭᠠᠨ ᠤ ᠬᠤᠷᠠᠯᠳ᠋ᠤᠭᠠᠨ ᠬᠤᠷᠠᠯᠳ᠋ᠤᠪᠠ
ᠳᠠᠷᠠᠭᠠᠬᠢ᠄ ᠦᠨᠡᠭᠡᠴᠢ ᠰᠤᠮᠤ ᠶᠢᠨ ᠬᠤᠶᠠᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠭᠤᠷᠪᠠᠳ᠋ᠤᠭᠠᠷ ᠤᠳ᠋ᠠᠭᠠᠨ ᠤ ᠬᠤᠷᠠᠯᠳ᠋ᠤᠭᠠᠨ ᠠᠮᠵᠢ᠍ᠯᠳ᠋ᠠ ᠲᠡᠶ ᠬᠤᠷᠠᠯᠳ᠋ᠤᠪᠠ