ᠦᠨᠡᠭᠡᠴᠢ ᠰᠤᠮᠤ ᠶᠢᠨ ᠬᠤᠶᠠᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠭᠤᠷᠪᠠᠳ᠋ᠤᠭᠠᠷ ᠤᠳ᠋ᠠᠭᠠᠨ ᠤ ᠬᠤᠷᠠᠯᠳ᠋ᠤᠭᠠᠨ ᠠᠮᠵᠢ᠍ᠯᠳ᠋ᠠ ᠲᠡᠶ ᠬᠤᠷᠠᠯᠳ᠋ᠤᠪᠠ
3 ᠰᠠᠷ᠎ᠠ ᠶᠢᠨ 29᠋ ᠤ ᠡᠳ᠋ᠦᠷ᠂ᠦᠨᠡᠭᠡᠴᠢ ᠰᠤᠮᠤ ᠶᠢᠨ ᠬᠤᠶᠠᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠭᠤᠷᠪᠠᠳ᠋ᠤᠭᠠᠷ ᠤᠳ᠋ᠠᠭᠠᠨ ᠤ ᠬᠤᠷᠠᠯᠳ᠋ᠤᠭᠠᠨ ᠠᠮᠵᠢ᠍ᠯᠳ᠋ᠠ ᠲᠡᠶ ᠬᠤᠷᠠᠯᠳ᠋ᠤᠪᠠ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠳᠡᠳ᠋ ᠡᠷᠬᠢᠯᠡᠭ᠍ᠴᠢ ᠰᠦ᠋ᠩ ᠯᠢ᠍ᠶᠠᠨ ᠡᠾᠦᠢ᠍ᠢ ᠶᠡᠬᠡ ᠬᠤᠷᠠᠯ ᠳᠤ ᠰᠤᠯᠨ ᠤᠷᠤᠯᠴᠠᠵᠤ᠂ ᠰᠤᠮᠤ ᠶᠢᠨ ᠨᠠᠮ ᠤᠨ ᠬᠤᠷᠢ᠍ᠶᠠᠨ ᠤ ᠱᠦ᠋ᠵᠢ ᠲᠡᠭᠦᠰ ᠬᠤᠷᠠᠯ ᠡᠷᠬᠢᠯᠡᠪᠡ᠃





ᠶᠡᠭᠡ ᠬᠤᠷᠠᠯ ᠨᠢ᠂2018 ᠤᠨ ᠤ ᠠᠵᠢ᠍ᠯ ᠦᠨ ᠬᠢᠷᠢ ᠪᠦᠲᠦᠮᠵᠢ ᠪᠠᠨ ᠪᠦᠬᠦ ᠲᠠᠯ᠎ᠠ ᠪᠡᠷ ᠳ᠋ᠦ᠋ᠩᠨᠡᠨ᠂2019 ᠤᠨ ᠤ ᠬᠦᠭ᠍ᠵᠢ᠍ᠯᠳ᠋ᠡ ᠶᠢᠨ ᠱᠠᠭᠠᠷᠳ᠋ᠠᠯᠭ᠎ᠠ᠂ ᠬᠠᠷᠠᠯᠳ᠋ᠡ ᠪᠤᠯᠤᠨ ᠭᠤᠤᠯ ᠡᠬᠦᠷᠭᠡ ᠪᠠᠨ ᠲᠤᠳ᠋ᠤᠳᠬᠠᠵᠤ᠂ ᠦᠨᠡᠭᠡᠴᠢ ᠰᠤᠮᠤ ᠶᠢᠨ《 ᠵᠠᠰᠠᠭ ᠤᠨ ᠤᠷᠳ᠋ᠤᠨ ᠤ ᠠᠵᠢ᠍ᠯ ᠤᠨ ᠢᠯᠡᠳᠭᠡᠯ》《 ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠲᠡᠷᠢ᠍ᠭᠦᠯᠡᠭ᠍ᠴᠢ᠍ᠳ ᠦᠨ ᠪᠦᠯᠬᠦᠮ ᠦᠨ ᠠᠵᠢ᠍ᠯ ᠤᠨ ᠮᠡᠳ᠋ᠡᠬᠦᠯᠦᠯᠳ᠋ᠡ》 ᠪᠠ《 ᠡᠳ᠋ ᠦᠨ ᠵᠠᠰᠠᠭ ᠤᠨ ᠠᠵᠢ᠍ᠯ ᠤᠨ ᠮᠡᠳ᠋ᠡᠬᠦᠯᠦᠯᠳ᠋ᠡ》᠋ ᠶᠢ ᠰᠤᠨᠤᠰᠤᠨ ᠬᠢᠨᠠᠨ ᠵᠦ᠋ᠪᠯᠡᠵᠤ ᠪᠠᠳ᠋ᠤᠯᠠᠪᠠ᠃
ᠡᠯ᠎ᠠ ᠲᠦ᠋ᠯᠦᠭᠡᠯᠡᠭ᠍ᠴᠢ᠍ᠳ ᠦᠨ ᠪᠦᠯᠬᠦᠮ ᠡᠴᠡ ᠲᠤᠭᠤᠢ᠌ᠯᠠᠩ ᠬᠤᠪᠢᠶᠠᠨ᠂ ᠶᠡᠭᠡ ᠬᠤᠷᠠᠯ ᠤᠨ ᠡᠯ᠎ᠠ ᠠᠵᠢ᠍ᠯ ᠤᠨ ᠮᠡᠳ᠋ᠡᠬᠦᠯᠦᠯᠳ᠋ᠡ ᠶᠢ ᠶᠠᠷᠢ᠍ᠯᠴᠠᠵᠤ᠂ ᠦᠨᠳ᠋ᠦᠰᠦᠨ ᠬᠠᠤᠯᠢ ᠪᠠ ᠬᠠᠤᠯᠢ ᠴᠠᠭᠠᠵᠨ ᠡᠴᠡ ᠤᠯᠭᠤᠭᠰᠠᠨ ᠡᠷᠬᠢᠮ ᠳᠡᠭᠡᠳ᠋ᠦ ᠲᠤᠰᠢ᠍ᠶᠠᠯ ᠬᠠᠷᠢ᠍ᠭᠤᠴᠠᠯᠭ᠎ᠠ ᠪᠠᠨ ᠨᠠᠷᠢ᠍ᠨ ᠬᠢᠨᠠᠮᠠᠭᠠᠢ ᠬᠦᠢ᠍ᠴᠡᠳᠭᠡᠵᠤ᠂ ᠪᠦᠲᠦᠭᠡᠨ ᠪᠠᠢ᠌ᠭᠤᠯᠤᠯᠳ᠋ᠡ ᠶᠢᠨ ᠴᠢ᠍ᠨᠠᠷᠳ᠋ᠠᠢ ᠰᠠᠨᠠᠯ ᠵᠦ᠋ᠪᠯᠡᠯᠭᠡ ᠲᠤᠷᠠᠳ᠋ᠤᠭᠰᠠᠨ ᠪᠠᠢ᠌ᠨ᠎ᠠ᠃
ᠶᠡᠭᠡ ᠬᠤᠷᠠᠯ ᠨᠢ ᠰᠦ᠋ᠷ ᠵᠢᠪᠬᠤᠯᠠᠩᠳ᠋ᠤ ᠤᠯᠤᠰ ᠤᠨ ᠳᠠᠭᠤᠤ ᠶᠢᠨ ᠲᠤᠮᠳ᠋ᠡ ᠠᠮᠵᠢ᠍ᠯᠳ᠋ᠠ ᠲᠡᠶ ᠦᠨᠳ᠋ᠦᠷᠯᠡᠪᠡ᠃