ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠪᠠᠶᠠᠨᠰᠠᠩ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠵᠤ ᠪᠠᠢ᠌ᠴᠠᠭᠠᠨ ᠰᠤᠳ᠋ᠤᠯᠤᠭᠰᠠᠨ
4ᠰᠠᠷ᠎ᠠ ᠶᠢᠨ12᠋ ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠪᠠᠶᠠᠨᠰᠠᠩ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠬᠠᠮᠢ᠍ᠶ᠎ᠠ ᠪᠦᠬᠦᠢ ᠰᠠᠯᠠᠭ᠎ᠠ ᠮᠦ᠋ᠴᠢ᠍ᠷ ᠦᠨ ᠬᠠᠷᠢ᠍ᠭᠤᠴᠠᠯᠭᠠᠳ᠋ᠠᠨ ᠨᠦ᠋ᠬᠦᠳ ᠢ ᠳᠠᠭᠠᠭᠤᠯᠤᠨ᠂ ᠪᠠᠶᠠᠷᠲᠤᠬᠤᠰᠢ᠍ᠭᠤ ᠪᠠᠯᠭᠠᠰᠤ ᠳᠤ ᠭᠦᠨᠵᠡᠭᠡᠢ᠌ᠷᠡᠵᠤ᠂ ᠶᠠᠳ᠋ᠠᠭᠤ ᠡᠴᠡ ᠠᠩᠬᠢᠵᠢ᠍ᠷᠠᠭᠤᠯᠬᠤ ᠪᠤᠭᠤᠮᠳ᠋ᠠ ᠰᠢ᠍ᠪᠲᠤᠯᠬᠤ᠂ ᠬᠦᠳ᠋ᠡᠭᠡ ᠲᠤᠰᠬᠤᠨ ᠢ ᠬᠦᠭ᠍ᠵᠢ᠍ᠬᠦᠯᠦᠨ ᠮᠠᠨᠳ᠋ᠤᠭᠤᠯᠬᠤ ᠵᠡᠷᠭᠡ ᠠᠵᠢ᠍ᠯ ᠳᠤ ᠪᠠᠢ᠌ᠴᠠᠭᠠᠨ ᠰᠤᠳ᠋ᠤᠯᠤᠯᠳ᠋ᠡ ᠬᠢᠭ᠍ᠰᠡᠨ ᠪᠠᠢ᠌ᠨ᠎ᠠ᠃

ᠪᠠᠶᠠᠨᠰᠠᠩ ᠡᠷᠬᠢᠯᠡᠭ᠍ᠴᠢ ᠶᠠᠭᠤᠨ ᠤ ᠤᠷᠢ᠍ᠳ ᠬᠤᠪᠤᠯᠳ᠋ᠤ ᠭᠠᠴᠠᠭ᠎ᠠ ᠳᠤ ᠬᠦᠷᠴᠤ᠂ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠬᠤᠪᠤᠯᠳ᠋ᠤ ᠭᠠᠴᠠᠭ᠎ᠠ ᠳᠤ ᠰᠠᠭᠤᠭ᠎ᠠ ᠠᠵᠢ᠍ᠯᠯᠠᠬᠤ ᠲᠤᠭᠤᠢ᠌ᠯᠠᠩ ᠤᠨ ᠨᠦ᠋ᠬᠦᠳ ᠲᠡᠶ ᠬᠠᠯᠠᠭᠤᠨ ᠶᠠᠷᠢ᠍ᠯᠴᠠᠭ᠎ᠠ ᠦᠷᠨᠢᠬᠦᠯᠵᠤ᠂ ᠠᠵᠢ᠍ᠯᠯᠠᠬᠤ ᠲᠤᠭᠤᠢ᠌ᠯᠠᠩ ᠤᠨ ᠶᠠᠳ᠋ᠠᠭᠤ ᠡᠴᠡ ᠠᠩᠭᠢᠵᠢ᠍ᠷᠠᠭᠤᠯᠬᠤ ᠪᠠᠬᠢᠯᠡᠯᠳ᠋ᠡ ᠰᠢ᠍ᠪᠲᠤᠯᠬᠤ ᠠᠵᠢ᠍ᠯ ᠦᠷᠨᠢᠭᠦᠯᠦᠭ᠍ᠰᠡᠨ ᠪᠠᠢ᠌ᠳ᠋ᠠᠯ ᠵᠢᠴᠢ ᠳᠠᠷᠠᠭᠠᠴᠢ ᠶᠢᠨ ᠠᠵᠢ᠍ᠯ ᠤᠨ ᠪᠠᠢ᠌ᠷᠢ᠍ᠯᠠᠭᠤᠯᠤᠯᠳ᠋ᠡ ᠶᠢ ᠨᠠᠷᠢ᠍ᠯᠢ᠍ᠭ ᠤᠢ᠌ᠯᠠᠭᠠᠭᠰᠠᠨ ᠪᠠᠢ᠌ᠨ᠎ᠠ᠃ ᠪᠠᠶᠠᠨᠰᠠᠩ ᠱᠠᠭᠠᠷᠳ᠋ᠠᠭᠰᠠᠨ ᠨᠢ᠂ ᠭᠠᠴᠠᠭ᠎ᠠ ᠳᠤ ᠰᠠᠭᠤᠭ᠎ᠠ ᠠᠵᠢ᠍ᠯᠯᠠᠬᠤ ᠲᠤᠭᠤᠢ᠌ᠯᠠᠩ ᠡᠷᠬᠡᠪᠰᠢ ᠭᠠᠵᠠᠷ ᠤᠷᠤᠨ ᠤ ᠪᠤᠳ᠋ᠠᠳ᠋ᠠᠢ ᠳᠤ ᠵᠤᠬᠢᠴᠠᠭᠤᠯᠤᠨ᠂ ᠰᠢ᠍ᠨ᠎ᠠ ᠡᠬᠢ ᠪᠠᠶᠠᠯᠢ᠍ᠭ ᠢ ᠠᠭᠤᠳ᠋ᠠᠯᠯᠠᠵᠤ᠂ ᠰᠢ᠍ᠨ᠎ᠠ ᠲᠦ᠋ᠷᠦᠯ ᠵᠦ᠋ᠢ᠍ᠯ ᠢ ᠢᠯᠡᠷᠡᠬᠦᠯᠦᠨ᠂ ᠠᠵᠤ ᠦᠢ᠍ᠯᠡᠰ ᠢᠶᠠᠷ ᠬᠦᠭ᠍ᠵᠢ᠍ᠯᠳ᠋ᠡ ᠶᠢ ᠰᠦ᠋ᠪᠡᠭ᠍ᠴᠢ᠍ᠯᠡᠵᠦ᠂ ᠮᠠᠯᠵᠢ᠍ᠬᠤ ᠤᠷᠤᠨ ᠤ ᠤᠯᠡᠨ ᠲᠦ᠋ᠮᠡᠨ ᠦ ᠤᠷᠤᠯᠭ᠎ᠠ ᠶᠢ ᠨᠡᠮᠡᠭ᠍ᠳ᠋ᠡᠬᠦᠯᠦᠨ᠂ ᠬᠦᠳ᠋ᠡᠭᠡ ᠲᠤᠰᠬᠤᠨ ᠤ ᠪᠦᠬᠦᠢ᠌ᠯᠨ ᠦᠩᠭᠡ ᠲᠦ᠋ᠷᠰᠦ ᠶᠢ ᠲᠠᠰᠤᠷᠠᠯᠳ᠋ᠡ ᠦᠭᠡᠶ ᠬᠤᠪᠢᠷᠠᠭᠤᠯᠵᠤ᠂ ᠮᠠᠯᠵᠢ᠍ᠬᠤ ᠤᠷᠤᠨ ᠤ ᠬᠦᠭ᠍ᠵᠢ᠍ᠯᠳ᠋ᠡ ᠶᠢᠨ ᠰᠢ᠍ᠨ᠎ᠠ ᠪᠠᠢ᠌ᠳ᠋ᠠᠯ ᠢ ᠴᠢ᠍ᠷᠮᠠᠢ᠌ᠨ ᠡᠭᠦᠳᠬᠦ ᠬᠡᠷᠡᠭ᠍ᠲᠡᠢ ᠬᠡᠪᠡ᠃
ᠰᠠᠭᠤᠳ᠋ᠠᠯ ᠤᠨ ᠬᠤᠷᠠᠯ ᠳᠡᠭᠡᠷ᠎ᠠ᠂ ᠪᠠᠶᠠᠷᠲᠤᠬᠤᠰᠢ᠍ᠭᠤ ᠪᠠᠯᠭᠠᠰᠤ ᠶᠢᠨ ᠨᠠᠮ ᠤᠨ ᠬᠤᠷᠢ᠍ᠶ᠎ᠠ ᠵᠠᠰᠠᠭ ᠤᠨ ᠤᠷᠳ᠋ᠤᠨ ᠤ ᠭᠤᠤᠯ ᠬᠠᠷᠢ᠍ᠭᠤᠴᠠᠯᠭᠠᠳ᠋ᠠᠨ ᠡᠴᠡ ᠲᠦ᠋ᠪ ᠬᠤᠷᠢ᠍ᠶᠠᠨ ᠤ ᠨᠢ᠋ᠮᠠᠳ᠋ᠤᠭᠠᠷ ᠲᠤᠭᠤᠷᠢ᠍ᠨ ᠪᠠᠢ᠌ᠴᠠᠭᠠᠬᠤ ᠲᠤᠭᠤᠢ᠌ᠯᠠᠩ ᠤᠨ ᠶᠠᠳ᠋ᠠᠭᠤ ᠡᠴᠡ ᠠᠩᠭᠢᠵᠢ᠍ᠷᠠᠭᠤᠯᠬᠤ ᠪᠤᠭᠤᠮᠳ᠋ᠠ ᠰᠢ᠍ᠪᠲᠤᠯᠬᠤ ᠲᠤᠰᠬᠠᠢ ᠲᠦ᠋ᠷᠦᠯ ᠦᠨ ᠲᠤᠭᠤᠷᠢ᠍ᠨ ᠪᠠᠢ᠌ᠴᠠᠭᠠᠯᠳ᠋ᠡ ᠶᠢᠨ ᠬᠠᠷᠢ᠍ᠭᠤ ᠲᠤᠰᠬᠠᠭᠰᠠᠨ ᠰᠠᠨᠠᠯ ᠤᠨ ᠵᠠᠰᠠᠨ ᠴᠡᠭ᠍ᠴᠡᠯᠡᠭ᠍ᠰᠡᠨ ᠠᠵᠢ᠍ᠯ ᠦᠷᠨᠢᠭᠦᠯᠦᠭ᠍ᠰᠡᠨ ᠪᠠᠢ᠌ᠳ᠋ᠠᠯ ᠪᠠ ᠬᠦᠳ᠋ᠡᠭᠡ ᠲᠤᠰᠬᠤᠨ ᠢ ᠭᠦᠭ᠍ᠵᠢ᠍ᠬᠦᠯᠦᠨ ᠮᠠᠨᠳ᠋ᠤᠭᠤᠯᠬᠤ ᠪᠠᠢ᠌ᠯᠳ᠋ᠤᠬᠤ ᠪᠤᠳ᠋ᠤᠯᠭ᠎ᠠ ᠶᠢᠨ ᠠᠵᠢ᠍ᠯ ᠤᠨ ᠲᠦ᠋ᠰᠦᠪ ᠵᠡᠷᠭᠡ ᠲᠠᠯ᠎ᠠ ᠶᠢᠨ ᠠᠵᠢ᠍ᠯ ᠢ ᠨᠠᠷᠢ᠍ᠯᠢ᠍ᠭ ᠬᠠᠷᠢ᠍ᠭᠤ ᠮᠡᠳ᠋ᠡᠬᠦᠯᠬᠦ ᠶᠢᠨ ᠬᠠᠮᠳ᠋ᠤ ᠳᠠᠷᠠᠭᠠᠴᠢ ᠶᠢᠨ ᠠᠵᠢ᠍ᠯ ᠢᠶᠠᠨ ᠬᠡᠷᠬᠢᠨ ᠰᠠᠢ᠌ᠳ᠋ᠤᠷ ᠬᠢᠬᠦ ᠲᠤᠬᠠᠢ ᠤᠪᠤᠷ ᠢᠶᠠᠨ ᠢᠯᠡᠳᠭᠡᠭ᠍ᠰᠡᠨ ᠪᠠᠢ᠌ᠨ᠎ᠠ᠃

ᠬᠠᠷᠢ᠍ᠭᠤ ᠮᠡᠳ᠋ᠡᠬᠦᠯᠦᠯᠳ᠋ᠡ ᠶᠢ ᠰᠤᠨᠤᠰᠤᠭᠰᠠᠨ ᠤ ᠳᠠᠷᠠᠭ᠎ᠠ᠂ ᠪᠠᠶᠠᠨᠰᠠᠩ ᠵᠢᠭᠠᠵᠤ ᠭᠠᠷᠭᠠᠭᠰᠠᠨ ᠨᠢ ᠡᠷᠭᠡᠪᠰᠢ ᠲᠦ᠋ᠪ ᠬᠤᠷᠢ᠍ᠶ᠎ᠠ᠂ ᠦᠪᠡᠷᠳ᠋ᠡᠭᠡᠨ ᠵᠠᠰᠠᠬᠤ ᠤᠷᠤᠨ᠂ ᠬᠤᠳ᠋ᠠ᠂ ᠬᠤᠰᠢ᠍ᠭᠤ ᠶᠢᠨ ᠬᠦᠳ᠋ᠡᠭᠡ ᠲᠤᠰᠬᠤᠨ ᠢ ᠭᠦᠭ᠍ᠵᠢ᠍ᠬᠦᠯᠦᠨ ᠮᠠᠨᠳ᠋ᠤᠭᠤᠯᠬᠤ ᠪᠠᠢ᠌ᠯᠳ᠋ᠤᠬᠤ ᠪᠤᠳ᠋ᠤᠯᠭ᠎ᠠ ᠶᠢᠨ ᠰᠢ᠍ᠷᠢ᠍ᠰ ᠵᠤᠷᠢ᠍ᠭ ᠰᠠᠨᠠᠭ᠎ᠠ ᠶᠢ ᠭᠦᠨᠵᠡᠭᠡᠢ ᠰᠠᠢ᠌ᠳ᠋ᠤᠷ ᠲᠤᠭᠤᠰᠢ᠍ᠯᠠᠭᠤᠯᠤᠨ ᠬᠡᠷᠡᠭ᠍ᠵᠢ᠍ᠭᠦᠯᠵᠦ᠂ ᠬᠠᠮᠢ᠍ᠶ᠎ᠠ ᠪᠦᠬᠦᠢ ᠲᠦ᠋ᠰᠦᠯ ᠪᠤᠯᠤᠨ ᠪᠢᠴᠢ᠍ᠭ᠌ ᠮᠠᠲ᠋ᠸᠷᠢ᠍ᠶᠠᠯ ᠤᠨ ᠱᠠᠭᠠᠷᠳ᠋ᠠᠯᠭ᠎ᠠ ᠶᠤᠰᠤᠭᠠᠷ᠂ ᠪᠠᠶᠠᠷᠲᠤᠬᠤᠰᠢ᠍ᠭᠤ ᠪᠠᠯᠭᠠᠰᠤ ᠶᠢᠨ ᠪᠤᠳ᠋ᠠᠳ᠋ᠠᠢ ᠪᠠᠢ᠌ᠳ᠋ᠠᠯ ᠲᠡᠶ ᠪᠠᠨ ᠵᠤᠬᠢᠴᠠᠭᠤᠯᠤᠨ᠂ ᠰᠢ᠍ᠨᠵᠢ᠍ᠯᠡᠬᠦ ᠤᠬᠠᠭᠠᠨᠴᠢ ᠪᠡᠷ ᠰᠦ᠋ᠪᠡᠭ᠍ᠴᠢ᠍ᠯᠡᠵᠦ᠂ ᠨᠠᠷᠢ᠍ᠨ ᠬᠢᠨᠠᠮᠠᠭᠠᠢ ᠪᠠᠢ᠌ᠷᠢ᠍ᠯᠠᠭᠤᠯᠤᠨ᠂ ᠪᠦᠬᠦ ᠲᠠᠯ᠎ᠠ ᠪᠡᠷ ᠭᠦᠭ᠍ᠵᠢ᠍ᠨ ᠮᠠᠨᠳ᠋ᠤᠭᠰᠠᠨ᠂ ᠮᠠᠯᠵᠢ᠍ᠬᠤ ᠦᠢ᠍ᠯᠡᠰ ᠬᠦᠴᠦᠷᠭᠡᠭ᠌᠂ ᠬᠦᠳ᠋ᠡᠭᠡ ᠲᠤᠰᠬᠤᠨ ᠭᠤᠶᠤ ᠰᠠᠢ᠌ᠬᠠᠨ᠂ ᠮᠠᠯᠴᠢ᠍ᠳ ᠪᠠᠶᠠᠨ ᠴᠢ᠍ᠨᠡᠭᠡᠯᠢ᠍ᠭ᠌ ᠮᠠᠯᠵᠢ᠍ᠬᠤ ᠤᠷᠤᠨ ᠤ ᠰᠢ᠍ᠨ᠎ᠠ ᠬᠡᠪ ᠪᠠᠢ᠌ᠳ᠋ᠠᠯ ᠢ ᠡᠭᠦᠳᠬᠦ ᠬᠡᠷᠡᠭ᠍ᠲᠡᠢ ᠭᠡᠵᠡᠢ᠃
ᠪᠠᠶᠠᠨᠰᠠᠩ ᠴᠢ᠍ᠩᠭ᠋ᠠᠳᠬᠠᠭᠰᠠᠨ ᠨᠢ᠂ ᠡᠯ᠎ᠠ ᠱᠠᠳ᠋ᠤ ᠡᠯ᠎ᠠ ᠰᠠᠯᠠᠭ᠎ᠠ ᠮᠦ᠋ᠴᠢ᠍ᠷ ᠦᠨ ᠬᠢᠨ ᠡᠷᠭᠡᠪᠰᠢ ᠠᠮᠢ ᠠᠬᠤᠢ ᠶᠢᠨ ᠬᠠᠮᠠᠭᠠᠯᠠᠯᠳ᠋ᠡ ᠪᠤᠯᠤᠨ ᠪᠦᠲᠦᠭᠡᠨ ᠪᠠᠢ᠌ᠭᠤᠯᠤᠯᠳ᠋ᠡ ᠶᠢ ᠬᠠᠮᠤᠭ ᠳᠤᠪᠤᠢ᠌ᠮᠠ ᠪᠠᠢ᠌ᠷᠢ᠍ᠨ ᠳᠤ ᠲᠠᠯᠪᠢᠵᠤ᠂ ᠬᠦᠳ᠋ᠡᠭᠡ ᠲᠤᠰᠬᠤᠨ ᠢ ᠰᠡᠷᠭᠦᠭᠡᠨ ᠬᠦᠭ᠍ᠵᠢ᠍ᠬᠦᠯᠬᠦ ᠪᠠᠢ᠌ᠯᠳ᠋ᠤᠬᠤ ᠪᠤᠳ᠋ᠤᠯᠭ᠎ᠠ ᠶᠢᠨ ᠬᠦᠳ᠋ᠡᠭᠡ ᠲᠤᠰᠬᠤᠨ ᠮᠠᠯᠵᠢ᠍ᠬᠤ ᠤᠷᠤᠨ ᠤ ᠠᠵᠤ ᠠᠬᠤᠢ ᠨᠡᠢ᠌ᠭᠡᠮ ᠦᠨ ᠭᠦᠭ᠍ᠵᠢ᠍ᠯᠳ᠋ᠡ ᠳ᠋ᠡᠬᠢ ᠦᠢ᠍ᠯᠡᠳ᠋ᠦᠯ ᠢ ᠤᠯᠠᠮ ᠨᠢ᠍ᠭᠡ ᠠᠯᠬᠤᠮ ᠪᠠᠳ᠋ᠠᠷᠠᠭᠤᠯᠤᠨ᠂ ᠰᠠᠢ᠌ᠨ ᠰᠠᠢ᠌ᠬᠠᠨ ᠠᠮᠢ ᠠᠬᠤᠢ ᠶᠢᠨ ᠡᠬᠢ ᠪᠠᠶᠠᠯᠢ᠍ᠭ ᠲᠤ ᠲᠦᠰᠢᠭᠯᠡᠵᠤ᠂ ᠰᠢ᠍ᠨ᠎ᠠ ᠶᠢ ᠡᠬᠦᠳᠬᠦ ᠬᠦᠴᠦᠯᠡᠴᠡ ᠪᠠᠨ ᠨᠡᠮᠡᠭ᠍ᠳ᠋ᠡᠬᠦᠯᠦᠨ᠂ ᠤᠨᠴᠠᠯᠢ᠍ᠭᠳ᠋ᠤ ᠵᠢᠭᠤᠯᠴᠢ᠍ᠯᠠᠯ ᠤᠨ ᠦᠢ᠍ᠯᠡᠰ᠂ ᠤᠳ᠋ᠤ ᠦᠶ᠎ᠠ ᠶᠢᠨ ᠮᠠᠯᠵᠢ᠍ᠬᠤ ᠦᠢ᠍ᠯᠡᠰ᠂ ᠤᠨᠴᠠᠯᠢ᠍ᠭᠳ᠋ᠤ ᠲᠠᠷᠢ᠍ᠵᠤ ᠲᠡᠵᠢ᠍ᠭᠡᠬᠦ ᠵᠡᠷᠭᠡ ᠲᠦ᠋ᠷᠦᠯ ᠵᠦ᠋ᠢ᠍ᠯ ᠢ ᠶᠡᠬᠡᠪᠡᠷ ᠬᠦᠭ᠍ᠵᠢ᠍ᠬᠦᠯᠬᠦ ᠬᠡᠷᠡᠭ᠍ᠲᠡᠢ᠃ ᠡᠷᠬᠡᠪᠰᠢ ᠡᠯᠪᠡᠭ᠌ ᠪᠠᠶᠠᠯᠢ᠍ᠭ ᠲᠡᠤᠭᠡ ᠰᠤᠶᠤᠯ ᠪᠤᠯᠤᠨ ᠪᠠᠢ᠌ᠭᠠᠯᠢ ᠶᠢᠨ ᠡᠬᠢ ᠰᠤᠷᠪᠤᠯᠵᠢ ᠶᠢ ᠭᠠᠷᠮᠠᠭᠠᠢ ᠠᠰᠢ᠍ᠭᠯᠠᠵᠤ᠂ ᠠᠵᠢ᠍ᠯ ᠤᠨ ᠰᠡᠳᠬᠢᠴᠡ ᠪᠠᠨ ᠦᠷᠭᠡᠳᠭᠡᠨ᠂ ᠠᠵᠢ᠍ᠯ ᠤᠨ ᠠᠷᠭ᠎ᠠ ᠠᠪᠴᠠᠯ ᠢᠶᠠᠨ ᠪᠠᠲᠤᠳᠬᠠᠵᠤ᠂ ᠬᠦᠳ᠋ᠡᠭᠡ ᠲᠤᠰᠬᠤᠨ ᠢ ᠭᠦᠭ᠍ᠵᠢ᠍ᠬᠦᠯᠦᠨ ᠮᠠᠨᠳ᠋ᠤᠭᠤᠯᠬᠤ ᠲᠦ᠋ᠷᠦᠯ ᠵᠦ᠋ᠢ᠍ᠯ ᠢ ᠢᠳ᠋ᠡᠪᠬᠢᠳ᠋ᠡᠢ ᠲᠦ᠋ᠰᠦᠪᠯᠡᠵᠤ ᠰᠦ᠋ᠪᠡᠭ᠍ᠴᠢ᠍ᠯᠡᠨ᠂ ᠬᠦᠳ᠋ᠡᠭᠡ ᠲᠤᠰᠬᠤᠨ ᠢ ᠭᠦᠭ᠍ᠵᠢ᠍ᠬᠦᠯᠦᠨ ᠮᠠᠨᠳ᠋ᠤᠭᠤᠯᠬᠤ ᠳᠤ ᠬᠦᠴᠦᠨ ᠨᠡᠮᠡᠷᠢ᠍ᠯᠡᠵᠤ᠂ ᠬᠦᠳ᠋ᠡᠭᠡ ᠲᠤᠰᠬᠤᠨ ᠮᠠᠯᠵᠢ᠍ᠬᠤ ᠤᠷᠤᠨ ᠤ ᠤᠳ᠋ᠤᠬᠢᠴᠢ᠍ᠯᠠᠭᠰᠠᠨ ᠬᠦᠭ᠍ᠵᠢ᠍ᠯᠳ᠋ᠡ ᠶᠢ ᠲᠦ᠋ᠯᠬᠢᠨ ᠠᠬᠢᠭᠤᠯᠬᠤ ᠬᠡᠷᠡᠭ᠍ᠲᠡᠢ ᠭᠡᠵᠡᠢ᠃