ᠤᠳᠤ ᠶᠢᠨ ᠪᠠᠢ᠌ᠷᠢ᠄ ᠦᠨᠳᠤᠰᠤᠨ ᠱᠠᠳᠤᠨ ᠤ ᠠᠵᠢᠯ → ᠭᠡᠷᠴᠢᠯᠠᠭᠤ ᠰᠤᠮᠤ ᠶᠢᠨ ᠠᠷᠠᠳ ᠤᠨ ᠲᠦᠯᠤᠭᠡᠯᠡᠭᠴᠢᠳ ᠤᠨ᠁
ᠭᠡᠷᠴᠢᠯᠠᠭᠤ ᠰᠤᠮᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠡᠴᠨ ᠭᠤᠷᠪᠠᠨ ᠱᠠᠳᠤᠨ ᠤ ᠠᠷᠠᠳ ᠤᠨ ᠲᠦᠯᠤᠭᠡᠯᠡᠭᠴᠢ ᠶᠢ ᠵᠤᠬᠢᠶᠠᠨ ᠪᠠᠢᠭᠤᠯᠵᠤ ᠲᠤᠭᠤᠷᠢᠨ ᠰᠤᠷᠤᠯᠴᠠᠭᠰᠨᠨ ᠨᠢ

 

2019 ᠤᠨ ᠤ 4 ᠰᠠᠷ᠎ᠠ ᠶᠢᠨ 9᠋ ᠤ ᠡᠳᠤᠷ᠂ ᠭᠡᠷᠴᠢᠯᠠᠭᠤ ᠰᠤᠮᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠡᠴᠨ ᠬᠤᠳᠠ᠂ ᠬᠤᠰᠢᠭᠤ᠂ ᠰᠤᠮᠤ ᠭᠤᠷᠪᠠᠨ ᠱᠠᠳᠤᠨ ᠤ ᠠᠷᠠᠳ ᠤᠨ ᠲᠦᠯᠤᠭᠡᠯᠡᠭᠴᠢ ᠶᠢ ᠵᠤᠬᠢᠶᠠᠨ ᠪᠠᠢᠭᠤᠯᠵᠤ᠂ ᠪᠠᠶᠠᠨᠳᠠᠯ᠎ᠠ ᠰᠤᠮᠤ᠂ ᠯᠦᠪᠸᠢ ᠪᠠᠯᠭᠠᠰᠤ ᠵᠡᠷᠭᠡ ᠭᠠᠵᠠᠷ ᠶᠢᠠᠷ ᠬᠦᠷᠴᠤ᠂ ᠮᠠᠯᠴᠢᠨ ᠠᠢᠯ᠂ ᠰᠢᠨ ᠯᠢ ᠲᠠᠷᠢᠶᠠᠯᠠᠩ ᠤᠨ ᠲᠠᠯᠠᠪᠠᠢ ᠵᠡᠷᠭᠡ ᠤᠳᠤᠬᠢᠴᠢᠯᠠᠭᠰᠨᠨ ᠮᠠᠯ ᠠᠵᠤ ᠠᠬᠤᠢ ᠶᠢᠨ ᠬᠦᠭᠵᠢᠯᠳᠠ ᠪᠤᠯᠤᠨ ᠮᠠᠩᠬᠠᠳᠤ ᠭᠠᠴᠠᠭ᠎ᠠ᠂ ᠪᠠᠶᠠᠨᠪᠤᠯᠠᠭ ᠭᠠᠴᠠᠭ᠎ᠠ ᠶᠢᠨ ᠦᠨᠳᠤᠷ ᠠᠰᠢᠭᠯᠠᠮᠵᠢᠳᠤ ᠤᠰᠤ ᠠᠷᠪᠢᠯᠠᠬᠤ ᠤᠳᠤ ᠦᠶ᠎ᠠ ᠶᠢᠨ ᠲᠠᠷᠢᠶᠠᠯᠠᠩ ᠤᠨ ᠬᠦᠭᠵᠢᠯᠳᠠ ᠶᠢᠨ ᠪᠠᠢᠳᠠᠯ ᠢ ᠪᠠᠢᠴᠠᠭᠠᠨ ᠰᠤᠷᠤᠯᠴᠠᠪᠠ᠃










ᠲᠤᠰ ᠤᠳᠠᠭᠠᠨ ᠤ ᠪᠠᠢᠴᠠᠭᠠᠯᠳᠠ ᠨᠢ《ᠭᠠᠳᠠᠭᠰᠢ ᠭᠠᠷᠬᠤ》ᠭᠡᠯᠪᠡᠷᠢ ᠪᠡᠷ᠂ ᠤᠳᠤ ᠦᠶ᠎ᠠ ᠶᠢᠨ ᠮᠠᠯ ᠠᠵᠤ ᠠᠬᠤᠢ᠂ᠬᠦᠳᠡᠭᠡ ᠲᠤᠰᠬᠤᠨ ᠤ ᠬᠦᠭᠵᠢᠨ ᠮᠠᠨᠳᠤᠯᠳᠠ ᠶᠢᠨ ᠪᠦᠳᠤᠭᠡᠨ ᠪᠠᠢᠭᠤᠯᠤᠯᠳᠠ᠂ ᠭᠠᠵᠠᠷ ᠤᠷᠤᠨ ᠳᠠᠭᠠᠨ ᠲᠤᠬᠢᠷᠠᠭᠰᠨᠨ ᠤᠷᠤᠨ ᠨᠤᠳᠤᠭ ᠤᠨ ᠤᠨᠴᠠᠯᠢᠭᠳᠤ ᠠᠵᠤ ᠠᠬᠤᠢᠯᠠᠯ ᠢ ᠬᠦᠭᠵᠢᠬᠦᠯᠬᠦ ᠶᠢ ᠰᠠᠢᠳᠤᠷ ᠬᠢᠬᠦ ᠤᠷᠤᠭᠰᠢᠯᠠᠭᠰᠨᠨ ᠲᠤᠷᠰᠢᠯᠭ᠎ᠠ ᠶᠢ ᠰᠤᠷᠤᠯᠴᠠᠠᠭᠰᠨᠨ ᠪᠠᠢᠨ᠎᠎ᠠ᠃

    ᠲᠦᠯᠤᠭᠡᠯᠡᠭᠴᠢᠳ ᠪᠤᠳᠠᠳᠠᠢ ᠭᠠᠵᠠᠷ ᠲᠤ ᠪᠠᠢᠴᠠᠭᠠᠨ ᠦᠵᠡᠬᠦ᠂ ᠲᠤᠬᠠᠢ ᠶᠢᠨ ᠭᠠᠵᠠᠷ ᠤᠨ ᠤᠯᠨᠨ ᠲᠦᠮᠨᠨ ᠲᠠᠢ ᠬᠠᠷᠢᠯᠴᠠᠨ ᠰᠠᠨᠠᠯ ᠰᠤᠯᠢᠯᠴᠠᠬᠤ ᠭᠡᠯᠪᠡᠷᠢ ᠪᠡᠷ ᠲᠤᠭᠤᠷᠢᠨ ᠦᠵᠡᠵᠤ ᠠᠳᠠᠯᠢᠳᠬᠠᠨ᠂ᠤᠷᠤᠭᠰᠢᠯᠠᠭᠰᠨᠨ ᠲᠤᠷᠰᠢᠯᠭ᠎ᠠ ᠶᠢ ᠰᠤᠷᠤᠯᠴᠠᠵᠤ᠂ ᠦᠪᠡᠷᠳᠡᠭᠡᠨ ᠤ ᠵᠦᠷᠢᠶ᠎ᠠ ᠪᠠᠨ ᠡᠷᠢᠨ᠂ ᠤᠳᠤ ᠦᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠠ ᠶᠢ ᠲᠦᠯᠬᠢᠨ ᠠᠬᠢᠭᠤᠯᠬᠤ ᠪᠠᠴᠢᠮ ᠲᠤᠯᠭᠠᠮ᠎ᠡ ᠰᠡᠳᠬᠢᠯᠭᠡ ᠪᠤᠯᠤᠨ ᠬᠠᠷᠢᠭᠤᠴᠠᠯᠭᠠᠳᠤ ᠰᠡᠳᠬᠢᠯᠭᠡ ᠶᠢ ᠨᠡᠮᠡᠭᠳᠡᠬᠦᠯᠦᠭᠰᠨᠨ ᠪᠠᠢᠨ᠎ᠡ᠃ ᠬᠠᠮᠳᠤ ᠳᠤᠨᠢ᠂ᠲᠦᠯᠤᠭᠡᠯᠡᠭᠴᠢᠳ ᠡᠴᠨ ᠠᠷᠠᠳ ᠤᠨ ᠲᠦᠯᠤᠭᠡᠯᠡᠭᠴᠢᠳ ᠤᠨ ᠵᠢᠱᠢᠶᠡᠴᠢ ᠲᠠᠭᠤᠷᠢᠶᠠᠯ ᠤᠢᠯᠡᠳᠤᠯ ᠶᠢᠠᠨ ᠬᠦᠢᠴᠡᠳ ᠪᠠᠳᠠᠷᠠᠭᠤᠯᠵᠤ᠂ ᠲᠤᠰ ᠭᠠᠵᠠᠷ ᠤᠷᠤᠨ ᠤ ᠪᠤᠳᠠᠳᠠᠢ ᠳᠤ ᠰᠠᠭᠤᠷᠢᠯᠠᠠ᠂ ᠬᠠᠤᠯᠢ ᠶᠤᠰᠤᠭᠠᠷ ᠡᠬᠦᠷᠭᠡ ᠲᠤᠰᠢᠶᠠᠯ ᠶᠢᠠᠨ ᠬᠦᠢᠴᠡᠳᠭᠡᠵᠤ᠂ᠬᠠᠷᠢᠭᠰᠨᠨ ᠤ ᠲᠠᠷᠠᠭ᠎ᠠ ᠲᠤᠭᠤᠷᠢᠨ ᠦᠵᠡᠵᠤ ᠰᠤᠷᠤᠯᠴᠠᠭᠰᠠᠨ᠂ ᠰᠤᠨᠤᠰᠤᠭᠰᠨᠨ᠂ ᠤᠯᠤᠯᠳᠠ ᠪᠠᠨ ᠤᠯᠨᠨ ᠲᠦᠮᠨᠨ ᠳᠡᠭᠡᠨ ᠤᠬᠠᠭᠤᠯᠵᠤ᠂ ᠤᠯᠨᠨ ᠲᠦᠮᠨᠨ ᠢ ᠪᠠᠨ ᠲᠠᠭᠤᠯᠤᠨ ᠦᠵᠡᠰᠬᠦᠯᠡᠩᠳᠤ ᠰᠠᠢᠬᠠᠨ ᠭᠡᠷ ᠤᠷᠤᠨ ᠶᠢᠠᠨ ᠪᠦᠳᠤᠭᠡᠨ ᠪᠠᠢᠭᠤᠯᠤᠨ᠎ᠡ ᠭᠡᠵᠡᠭᠡᠵᠡᠢ᠃


ᠡᠮᠦᠨᠡᠬᠢ᠄ ᠰᠢᠶᠠᠩᠱᠠᠨ ᠪᠠᠯᠭᠠᠰᠤ ᠶᠢᠨ ᠠᠷᠪᠠᠨ ᠲᠦᠷᠪᠡᠳᠤᠭᠡᠷ ᠬᠤᠭᠤᠴᠠᠭᠠᠠ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠮᠵᠢᠯᠳᠠ ᠲᠠᠢ ᠬᠤᠷᠠᠯᠳᠤᠭᠰᠠᠨ
ᠳᠠᠷᠠᠭᠠᠬᠢ᠄ ᠦᠨᠡᠭᠡᠴᠢ ᠰᠤᠮᠤ ᠠᠷᠠᠳ ᠤᠨ ᠲᠦᠯᠤᠭᠡᠯᠡᠭᠴᠢ ᠶᠢ ᠵᠤᠬᠢᠶᠠᠨ ᠪᠠᠢᠭᠤᠯᠵᠤ ᠰᠢ ᠵᠢᠨ ᠫᠢᠩ ᠶᠡᠷᠤᠩᠭᠡᠢ ᠱᠦᠵᠢ ᠶᠢᠨ《ᠬᠤᠶᠠᠷ ᠬᠤᠷᠠᠯ》᠋ ᠤᠨ ᠬᠤᠭᠤᠴᠠᠭᠠᠨ ᠤ ᠦᠪᠤᠷ ᠮᠤᠩᠭᠤᠯ ᠤᠨ ᠲᠦᠯᠤᠭᠡᠯᠡᠭᠴᠢ ᠶᠢᠨ ᠪᠦᠯᠬᠦᠮ ᠳᠤ ᠤᠷᠤᠯᠴᠠᠨ ᠬᠢᠨᠠᠨ ᠵᠦᠪᠯᠡᠬᠦ ᠦᠶ᠎ᠠ ᠶᠢᠨ ᠶᠠᠷᠢᠶᠠᠨ ᠤ ᠵᠤᠷᠢᠭ ᠰᠠᠨᠠᠭ᠎ᠠ ᠪᠤᠯᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠨᠨ