ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠪᠠᠢ᠌ᠭᠤᠯᠭ᠎ᠠ ᠯᠦ᠋ᠪᠸᠢ ᠵᠡᠭᠡᠯᠢ ᠭᠤᠳ᠋ᠤᠮᠵᠢ ᠶᠢᠨ ᠰᠢ᠍ᠩᠬᠤᠸᠨ ᠨᠡᠢ᠌ᠭᠡᠮ ᠲᠤᠭᠤᠷᠢ᠍ᠭ ᠲᠡᠶ ᠬᠠᠷᠢ᠍ᠯᠴᠠᠨ ᠬᠠᠮᠵᠢ᠍ᠯᠴᠠᠨ ᠬᠠᠮᠳ᠋ᠤᠪᠠᠷ ᠴᠤᠭᠴᠠᠯᠠᠬᠤ ᠵᠦ᠋ᠪᠯᠡᠯᠴᠡᠭᠡᠷ ᠲᠤᠭᠲᠠᠪᠠ


                                

           ᠰᠢ ᠵᠢᠨ ᠫᠢᠩ ᠦᠨ ᠰᠢ᠍ᠨ᠎ᠠ ᠴᠠᠭ ᠦᠶ᠎ᠠ ᠶᠢᠨ ᠲᠤᠮᠳ᠋ᠠᠳ᠋ᠤ ᠤᠯᠤᠰ ᠤᠨ ᠤᠨᠴᠠᠯᠢ᠍ᠭ ᠲᠡᠶ ᠨᠡᠢ᠌ᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠠᠷᠪᠠ ᠶᠢ᠍ᠰᠦᠳ᠋ᠦᠭᠡᠷ ᠶᠡᠭᠡ ᠬᠤᠷᠠᠯ᠂ ᠠᠷᠪᠠ ᠶᠢ᠍ᠰᠦᠳ᠋ᠦᠭᠡᠷ ᠬᠤᠭᠤᠴᠠᠭᠠᠨ ᠤ ᠭᠤᠷᠪᠠᠳ᠋ᠤᠭᠠᠷ ᠪᠦᠬᠦᠳ᠋ᠡ ᠬᠤᠷᠠᠯᠳ᠋ᠤᠭᠠᠨ ᠤ ᠵᠤᠷᠢ᠍ᠭ ᠰᠠᠨᠠᠭ᠎ᠠ ᠪᠤᠯᠤᠨ ᠠᠷᠪᠠᠨ ᠭᠤᠷᠪᠠᠳ᠋ᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠨᠢ᠍ᠭᠡᠳ᠋ᠦᠭᠡᠷ᠂ ᠬᠤᠶᠠᠳ᠋ᠤᠭᠠᠷ ᠤᠳ᠋ᠠᠭᠠᠨ ᠤ ᠬᠤᠷᠠᠯ ᠤᠨ ᠵᠤᠷᠢ᠍ᠭ ᠰᠠᠨᠠᠭ᠎ᠠ ᠶᠢ ᠬᠦᠨᠵᠡᠭᠡᠢ ᠲᠤᠭᠤᠰᠢ᠍ᠯᠠᠭᠤᠯᠤᠨ ᠨᠠᠢ᠌ᠳ᠋ᠠᠪᠦᠷᠢ᠍ᠵᠢ᠍ᠭᠤᠯᠵᠤ᠂ 《 ᠬᠤᠶᠠᠷ ᠢ ᠰᠤᠷᠤᠯᠴᠠᠨ ᠨᠢ᠍ᠭᠡ ᠬᠢᠷᠢ ᠲᠡᠩᠴᠡᠬᠦ》 ᠰᠤᠷᠤᠯᠴᠠᠯᠭ᠎ᠠ ᠬᠦᠮᠦᠵᠢ᠍ᠯ ᠦᠨ ᠦᠷ᠎ᠠ ᠪᠦᠲᠦᠮᠵᠢ ᠶᠢ ᠪᠠᠳ᠋ᠤᠳᠬᠠᠬᠤ ᠶᠢᠨ ᠲᠦ᠋ᠯᠦᠭᠡ᠂ ᠬᠤᠳ᠋ᠠ ᠶᠢᠨ ᠨᠠᠮ ᠤᠨ ᠬᠤᠷᠢ᠍ᠶ᠎ᠠ ᠶᠢᠨ ᠵᠤᠬᠢᠶᠠᠨ ᠪᠠᠢ᠌ᠭᠤᠯᠬᠤ ᠬᠡᠯᠲᠡᠰ ᠪᠠ ᠬᠤᠰᠢ᠍ᠭᠤᠨ ᠨᠠᠮ ᠤᠨ ᠬᠤᠷᠢ᠍ᠶ᠎ᠠ ᠶᠢᠨ ᠵᠤᠬᠢᠶᠠᠨ ᠪᠠᠢ᠌ᠭᠤᠯᠬᠤ ᠬᠡᠯᠲᠡᠰ ᠦᠨ ᠬᠠᠮᠢ᠍ᠶ᠎ᠠ ᠪᠦᠬᠦᠢ ᠱᠠᠭᠠᠷᠳ᠋ᠠᠯᠭ᠎ᠠ ᠶᠤᠰᠤᠭᠠᠷ᠂ 4ᠰᠠᠷ᠎ᠠ ᠶᠢᠨ18 ᠊ ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠩᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠪᠠᠢ᠌ᠭᠤᠯᠭ᠎ᠠ ᠯᠦ᠋ᠪᠸᠢ ᠵᠡᠭᠡᠯᠢ ᠭᠤᠳ᠋ᠤᠮᠵᠢ ᠶᠢᠨ ᠰᠢ᠍ᠩᠬᠤᠸᠨ ᠨᠡᠢ᠌ᠭᠡᠮ ᠲᠤᠭᠤᠷᠢ᠍ᠭ ᠲᠡᠶ 2019 ᠤᠨ ᠤ ᠬᠠᠷᠢ᠍ᠯᠴᠠᠨ ᠬᠠᠮᠵᠢ᠍ᠯᠴᠠᠨ ᠬᠠᠮᠳ᠋ᠤᠪᠠᠷ ᠴᠤᠭᠴᠠᠯᠠᠬᠤ ᠵᠦ᠋ᠪᠯᠡᠯᠴᠡᠭᠡᠷ ᠲᠤᠭᠲᠠᠪᠠ᠃

            

            ᠬᠤᠶᠠᠷ ᠲᠠᠯ᠎ᠠ ᠪᠡᠷ  ᠢᠶᠠᠨ ᠬᠠᠷᠢ᠍ᠯᠴᠠᠨ ᠵᠦ᠋ᠪᠳ᠋ᠡᠯᠴᠡᠵᠤ᠂ ᠬᠠᠷᠢ᠍ᠯᠴᠠᠨ ᠬᠠᠮᠵᠢ᠍ᠯᠴᠠᠨ ᠬᠠᠮᠳ᠋ᠤᠪᠠᠷ ᠴᠤᠭᠴᠠᠯᠠᠬᠤ ᠡᠬᠦᠷᠭᠡ ᠬᠠᠷᠢ᠍ᠭᠤᠴᠠᠯᠭ᠎ᠠ ᠪᠠᠨ ᠤᠯᠠᠮ ᠨᠢ᠍ᠭᠡ ᠠᠯᠬᠤᠮ ᠲᠤᠳ᠋ᠤᠳᠬᠠᠭᠰᠠᠨ ᠪᠠᠢ᠌ᠨ᠎ᠠ᠃ ᠬᠤᠶᠠᠷ ᠲᠠᠯ᠎ᠠ ᠪᠡᠷ  ᠢᠶᠠᠨ ᠬᠠᠷᠢ᠍ᠯᠴᠠᠨ ᠬᠠᠮᠵᠢ᠍ᠯᠴᠠᠨ ᠬᠠᠮᠳ᠋ᠤᠪᠠᠷ ᠴᠤᠭᠴᠠᠯᠠᠬᠤ ᠬᠦᠳ᠋ᠡᠯᠭᠡᠭᠡᠨ  ᠢᠶᠠᠷ ᠳᠠᠮᠵᠢ᠍ᠨ᠂ ᠪᠦᠬᠦ ᠲᠠᠯ᠎ᠠ ᠪᠡᠷ ᠨᠠᠮ ᠢ ᠴᠢ᠍ᠩᠭ᠎ᠠ ᠵᠠᠰᠠᠬᠤ ᠶᠢ ᠨᠠᠢ᠌ᠳ᠋ᠠᠪᠦᠷᠢ᠍ᠵᠢ᠍ᠭᠤᠯᠵᠤ᠂《 ᠬᠤᠶᠠᠷ ᠢ ᠰᠤᠷᠤᠯᠴᠠᠨ ᠨᠢ᠍ᠭᠡ ᠬᠢᠷᠢ ᠲᠡᠩᠴᠡᠬᠦ》 ᠰᠤᠷᠤᠯᠴᠠᠯᠭ᠎ᠠ ᠶᠢᠨ ᠠᠵᠢ᠍ᠯ ᠢ ᠭᠦᠨᠵᠡᠭᠡᠢ᠌ᠷᠡᠬᠦᠯᠦᠨ᠂ ᠨᠠᠮ ᠤᠨ ᠵᠤᠬᠢᠶᠠᠨ ᠪᠠᠢ᠌ᠭᠤᠯᠤᠯᠳ᠋ᠡ ᠶᠢᠨ ᠡᠬᠦᠳᠬᠦ ᠬᠦᠴᠦᠨ᠂ ᠨᠢ᠍ᠭᠳ᠋ᠠᠷᠠᠯ ᠤᠨ ᠬᠦᠴᠦᠨ ᠪᠠ ᠪᠠᠢ᠌ᠯᠳ᠋ᠤᠬᠤ ᠬᠦᠴᠦᠨ ᠢ ᠲᠠᠰᠤᠷᠠᠯᠳ᠋ᠡ ᠦᠭᠡᠶ ᠳᠡᠭᠡᠭ᠍ᠰᠢ᠍ᠯᠡᠭᠦᠯᠵᠦ᠂ ᠬᠠᠷᠢ᠍ᠯᠴᠠᠨ ᠤᠢ᠌ᠯᠠᠭᠠᠯᠴᠠᠨ᠂ ᠬᠠᠷᠢ᠍ᠯᠴᠠᠨ ᠲᠤᠰᠠᠯᠠᠯᠴᠠᠵᠤ᠂ ᠬᠠᠮᠳ᠋ᠤᠪᠠᠷ ᠬᠦᠭ᠍ᠵᠢ᠍ᠬᠦ ᠨᠠᠮ ᠤᠨ ᠪᠦᠲᠦᠭᠡᠨ ᠪᠠᠢ᠌ᠭᠤᠯᠤᠯᠳ᠋ᠡ ᠶᠢᠨ ᠠᠵᠢ᠍ᠯ ᠤᠨ ᠰᠢ᠍ᠨ᠎ᠠ ᠪᠠᠢ᠌ᠳ᠋ᠠᠯ ᠢ ᠴᠢ᠍ᠷᠮᠠᠢ᠌ᠨ ᠪᠦᠷᠢ᠍ᠯᠳ᠋ᠦᠬᠦᠯᠬᠦ ᠶᠢ ᠬᠦᠰᠡᠭ᠍ᠰᠡᠨ ᠪᠠᠢ᠌ᠨ᠎ᠠ᠃ (ᠳᠠᠯᠠᠢ)




ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠪᠠᠢ᠌ᠭᠤᠯᠭ᠎ᠠ ᠶᠢᠨ ᠨᠠᠮ ᠤᠨ ᠡᠭᠦᠷ 2018 ᠤᠨ ᠤ ᠵᠤᠬᠢᠶᠠᠨ ᠪᠠᠢ᠌ᠭᠤᠯᠤᠯᠳ᠋ᠡ ᠶᠢᠨ ᠠᠮᠢ᠍ᠳ᠋ᠤᠷᠠᠯ ᠤᠨ ᠬᠤᠷᠠᠯ ᠵᠢᠴᠢ ᠨᠠᠮ ᠤᠨ ᠭᠡᠰᠢ᠍ᠬᠦᠨ ᠢ ᠠᠷᠠᠳᠴᠢ᠍ᠯᠡᠯ ᠶᠢᠡᠷ ᠦᠨᠡᠯᠡᠬᠦ ᠬᠤᠷᠠᠯ ᠬᠤᠷᠠᠯᠳ᠋ᠤᠭᠤᠯᠤᠭᠰᠠᠨ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠪᠠᠢ᠌ᠭᠤᠯᠭ᠎ᠠ ᠶᠢᠨ ᠨᠠᠮ ᠤᠨ ᠡᠭᠦᠷ ᠪᠦᠬᠦ ᠬᠤᠰᠢ᠍ᠭᠤᠨ ᠤ ᠨᠠᠮ ᠤᠨ ᠪᠦᠲᠦᠭᠡᠨ ᠪᠠᠢ᠌ᠭᠤᠯᠤᠯᠳ᠋ᠡ ᠵᠢᠴᠢ ᠵᠤᠬᠢᠶᠠᠨ ᠪᠠᠢ᠌ᠭᠤᠯᠤᠯᠳ᠋ᠡ ᠤᠬᠠᠭᠤᠯᠭ᠎ᠠ ᠨᠢ᠍ᠭᠡᠲᠦᠮᠡᠯ ᠹᠷᠤᠨᠲ ᠤᠨ ᠠᠵᠢ᠍ᠯ ᠤᠨ ᠬᠤᠷᠠᠯ ᠤᠨ ᠵᠤᠷᠢ᠍ᠭ ᠰᠠᠨᠠᠭ᠎ᠠ ᠶᠢ ᠤᠯᠠᠮᠵᠢ᠍ᠯᠡᠨ ᠰᠤᠷᠤᠯᠴᠠᠪᠠ