ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠰᠠᠯᠠᠭᠠᠨ ᠳᠡᠰ ᠦᠨ ᠤᠳ᠋ᠤᠷᠢ᠍ᠳ᠋ᠤᠯᠭ᠎ᠠ ᠺᠠᠲᠷ ᠢ ᠵᠤᠬᠢᠶᠠᠨ ᠪᠠᠢ᠌ᠭᠤᠯᠵᠤ ᠲᠤᠰᠢᠶᠠᠯ ᠬᠠᠷᠢ᠍ᠭᠤᠴᠠᠬᠤ ᠡᠴᠡ ᠡᠮᠦᠨᠡᠬᠢ ᠬᠠᠤᠯᠢ ᠴᠠᠭᠠᠵᠨ ᠬᠠᠤᠯᠢ ᠲᠦ᠋ᠷᠢ᠍ᠮ ᠦᠨ ᠰᠢ᠍ᠯᠭᠠᠯᠳ᠋ᠡ ᠶᠠᠪᠤᠭᠳ᠋ᠠᠭᠤᠯᠪᠠ

               

             4ᠰᠠᠷ᠎ᠠ ᠶᠢᠨ17᠊ ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ 23 ᠨᠠᠷᠡᠰ ᠰᠠᠯᠠᠭᠠᠨ ᠳᠡᠰ ᠦᠨ ᠤᠳ᠋ᠤᠷᠢ᠍ᠳ᠋ᠤᠯᠭ᠎ᠠ ᠺᠠᠲᠷ ᠢ ᠵᠤᠬᠢᠶᠠᠨ ᠪᠠᠢ᠌ᠭᠤᠯᠵᠤ ᠲᠤᠰᠢ᠍ᠶᠠᠯ ᠬᠠᠷᠢ᠍ᠭᠤᠴᠠᠬᠤ ᠡᠴᠡ ᠡᠮᠦᠨᠡᠬᠢ ᠬᠠᠤᠯᠢ ᠴᠠᠭᠠᠵᠠ ᠬᠠᠤᠯᠢ ᠲᠦ᠋ᠷᠢ᠍ᠮ ᠦᠨ ᠰᠢ᠍ᠯᠭᠠᠯᠳ᠋ᠡ ᠶᠠᠪᠤᠭᠳ᠋ᠠᠭᠤᠯᠪᠠ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠳᠡᠳ᠋ ᠡᠷᠬᠢᠯᠡᠭ᠍ᠴᠢ ᠦᠷᠡᠪᠠᠳ᠋ᠤ ᠰᠢ᠍ᠯᠭᠠᠯᠳ᠋ᠡ ᠶᠢᠨ ᠲᠠᠯᠠᠪᠤᠷ ᠢ ᠲᠤᠭᠤᠷᠢ᠍ᠨ ᠪᠠᠢ᠌ᠴᠠᠭᠠᠪᠠ᠃

               

             ᠰᠢ᠍ᠯᠭᠠᠯᠳ᠋ᠡ ᠶᠢᠨ ᠲᠤᠬᠠᠢ ᠶᠢᠨ ᠲᠠᠯᠠᠪᠤᠷ ᠲᠤ ᠰᠢ᠍ᠯᠭᠠᠯᠳ᠋ᠡ ᠳᠤ ᠤᠷᠤᠯᠴᠠᠭᠰᠠᠨ ᠨᠦ᠋ᠭᠦᠳ ᠰᠡᠳᠬᠢᠯ ᠲᠠᠯᠪᠢᠨ ᠨᠠᠷᠢ᠍ᠨ ᠬᠢᠨᠠᠮᠠᠭᠠᠢ ᠪᠡᠷ ᠰᠢ᠍ᠯᠭᠠᠯᠳ᠋ᠠ ᠶᠢᠨ ᠰᠡᠳ᠋ᠦᠪ ᠢ ᠬᠢᠵᠤ᠂ ᠪᠦᠬᠦᠢ᠌ᠯᠨ ᠰᠢ᠍ᠯᠭᠠᠯᠳ᠋ᠡ ᠶᠢᠨ ᠲᠠᠯᠠᠪᠤᠷ ᠡᠮᠬᠢ ᠴᠡᠭ᠍ᠴᠡ ᠲᠡᠶ ᠪᠠᠢ᠌ᠯ᠎ᠠ᠃ ᠲᠤᠰ ᠤᠳ᠋ᠠᠭᠠᠨ ᠤ ᠰᠢ᠍ᠯᠭᠠᠯᠳ᠋ᠡ ᠶᠢᠨ ᠠᠭᠤᠯᠭ᠎ᠠ ᠨᠢ《 ᠪᠦᠬᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠦᠨᠳ᠋ᠦᠰᠦᠨ ᠬᠠᠤᠯᠢ》ᠵᠢᠴᠢ ᠲᠤᠰᠢ᠍ᠶᠠᠯ ᠶᠢᠡᠨ ᠭᠦᠢ᠍ᠴᠡᠳᠬᠡᠬᠦ ᠳᠤ ᠬᠡᠷᠡᠭ᠍ᠰᠡᠬᠦ ᠬᠠᠮᠢ᠍ᠶ᠎ᠠ ᠪᠦᠬᠦᠢ ᠬᠠᠤᠯᠢ ᠴᠠᠭᠠᠵᠠ ᠶᠢᠨ ᠮᠡᠳ᠋ᠡᠯᠭᠡ ᠶᠢ ᠬᠠᠮᠤᠷᠠᠭᠰᠠᠨ ᠪᠠᠢ᠌ᠨ᠎ᠠ᠃

               

             ᠲᠤᠰᠢ᠍ᠶᠠᠯ ᠬᠠᠷᠢ᠍ᠭᠤᠴᠠᠬᠤ ᠡᠴᠡ ᠡᠮᠦᠨᠡᠬᠢ ᠰᠢ᠍ᠯᠭᠠᠯᠳ᠋ᠡ ᠪᠡᠷ ᠳᠠᠮᠵᠢ᠍ᠨ᠂ ᠤᠯᠤᠰ ᠤᠨ ᠪᠠᠢ᠌ᠭᠤᠯᠭ᠎ᠠ ᠶᠢᠨ ᠠᠵᠢ᠍ᠯᠳ᠋ᠡᠨ ᠤ ᠬᠠᠤᠯᠢ ᠪᠡᠷ ᠵᠠᠰᠠᠭ ᠶᠠᠪᠤᠭᠤᠯᠬᠤ᠂ ᠲᠦ᠋ᠪ ᠭᠤᠤᠯᠴᠢ ᠬᠠᠤᠯᠢ ᠴᠠᠭᠠᠵᠠ ᠪᠠ ᠲᠤᠯᠤᠭᠠᠢ᠌ᠯᠠᠨ ᠬᠠᠤᠯᠢ ᠶᠢ ᠰᠤᠷᠤᠯᠴᠠᠵᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠦᠵᠡᠯ ᠤᠬᠠᠮᠰᠡᠷ ᠢ ᠤᠯᠠᠮ ᠨᠢ᠍ᠭᠡ ᠠᠯᠬᠤᠮ ᠴᠢ᠍ᠩᠭ᠋ᠠᠳᠬᠠᠵᠤ᠂ᠤᠳ᠋ᠤᠷᠢ᠍ᠳ᠋ᠤᠯᠭ᠎ᠠ ᠺᠠᠲᠷ ᠤᠨ ᠬᠠᠤᠯᠢ ᠪᠡᠷ ᠵᠠᠰᠠᠭ ᠶᠠᠪᠤᠭᠤᠯᠬᠤ᠂ ᠬᠠᠤᠯᠢ ᠶᠤᠰᠤᠭᠠᠷ ᠰᠢ᠌ᠳᠪᠦᠷᠢ᠍ᠳ᠋ᠤ ᠪᠤᠳ᠋ᠤᠯᠭ᠎ᠠ ᠭᠠᠷᠭᠠᠬᠤ᠂ ᠬᠠᠤᠯᠢ ᠶᠤᠰᠤᠭᠠᠷ ᠠᠵᠢ᠍ᠯ ᠶᠢᠡᠨ ᠶᠠᠪᠤᠭᠳ᠋ᠠᠭᠤᠯᠬᠤ ᠶᠢᠨ ᠴᠢ᠍ᠳ᠋ᠠᠪᠤᠷᠢ ᠶᠢ ᠳᠡᠭᠡᠭ᠍ᠰᠢ᠍ᠯᠡᠬᠦᠯᠬᠦ ᠳᠤ ᠲᠤᠩ ᠴᠢ᠍ᠬᠤᠯᠨ ᠦᠢ᠍ᠯᠡᠳ᠋ᠦᠯ ᠦᠵᠡᠬᠦᠯᠬᠦ ᠪᠤᠯᠤᠨ᠎ᠠ᠃ (ᠳᠠᠯᠠᠢ)



 




ᠡᠮᠦᠨᠡᠬᠢ᠄ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠠᠷᠪᠠᠨ ᠬᠤᠶᠠᠳᠤᠭᠠᠷ ᠤᠳᠠᠭᠠᠨ ᠤ ᠬᠤᠷᠠᠯᠳᠤᠭᠠᠨ ᠬᠤᠷᠠᠯᠳᠤᠪᠠ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠣᠷᠢᠶ᠎ᠠ ᠡᠴᠡ ᠮᠠᠨ ᠤ ᠬᠤᠰᠢ᠍ᠭᠤᠨ ᠤ《ᠪᠦᠬᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠤᠰᠤᠨ ᠤ ᠪᠤᠬᠢᠷᠳ᠋ᠤᠯ ᠢ ᠰᠡᠷᠭᠡᠢ᠌ᠯᠡᠨ ᠵᠠᠰᠠᠬᠤ ᠬᠠᠤᠯᠢ》᠊ ᠶᠢ ᠲᠤᠭᠤᠰᠢ᠍ᠯᠠᠭᠤᠯᠤᠨ ᠭᠡᠷᠡᠭ᠍ᠵᠢ᠍ᠭᠦᠯᠦᠭ᠍ᠰᠡᠨ ᠪᠠᠢ᠌ᠳ᠋ᠠᠯ ᠳᠤ ᠬᠠᠤᠯᠢ ᠬᠡᠷᠡᠭ᠍ᠵᠢ᠍ᠭᠦᠯᠦᠯᠳ᠋ᠡ ᠶᠢᠨ ᠪᠠᠢ᠌ᠴᠠᠭᠠᠯᠳ᠋ᠡ ᠦᠷᠨᠢᠭᠦᠯᠪᠡ