ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠡᠷᠬᠢᠯᠡᠭ᠍ᠴᠢ ᠪᠠᠶᠠᠨᠰᠠᠩ ᠪᠠᠶᠠᠷᠲᠤᠬᠤᠰᠢ᠍ᠭᠤ ᠪᠠᠯᠭᠠᠰᠤᠨ ᠳᠤ ᠭᠦᠨᠵᠡᠭᠡᠢ᠌ᠷᠡᠵᠤ ᠠᠵᠢ᠍ᠯ ᠪᠠᠢ᠌ᠴᠠᠭᠠᠭᠰᠠᠨ

4ᠰᠠᠷ᠎ᠠ ᠶᠢᠨ24᠊ ᠤ ᠡᠳ᠋ᠦᠷ᠂ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠪᠠᠶᠠᠨᠰᠠᠩ ᠪᠠᠶᠠᠷᠲᠤᠬᠤᠰᠢ᠍ᠭᠤ ᠪᠠᠯᠭᠠᠰᠤᠨ ᠳᠤ ᠭᠦᠨᠵᠡᠭᠡᠢ᠌ᠷᠡᠵᠤ᠂ ᠤᠳ᠋ᠤ ᠦᠶ᠎ᠠ ᠶᠢᠨ ᠮᠠᠯ ᠠᠵᠤ ᠠᠬᠤᠢ ᠶᠢᠨ ᠭᠦᠭ᠍ᠵᠢ᠍ᠯᠳ᠋ᠡ ᠪᠤᠯᠤᠨ ᠶᠠᠳ᠋ᠠᠭᠤ ᠡᠴᠡ ᠠᠩᠭᠢᠵᠢ᠍ᠷᠠᠭᠤᠯᠬᠤ ᠪᠤᠭᠤᠮᠳ᠋ᠠ ᠰᠢ᠍ᠪᠲᠤᠯᠬᠤ ᠲᠤᠭᠤᠷᠢ᠍ᠨ ᠪᠠᠢ᠌ᠴᠠᠭᠠᠯᠳ᠋ᠡ ᠶᠢᠨ ᠴᠠᠭ᠍ᠴᠡᠯᠡᠨ ᠵᠠᠰᠠᠯᠳ᠋ᠡ ᠵᠡᠷᠭᠡ ᠠᠵᠢ᠍ᠯ ᠶᠢᠨ ᠲᠤᠭᠤᠷᠢ᠍ᠨ ᠳᠤ ᠬᠢᠨᠠᠨ ᠪᠠᠢ᠌ᠴᠠᠭᠠᠯᠳ᠋ᠡ ᠬᠢᠭ᠍ᠰᠡᠨ ᠪᠠᠢ᠌ᠨ᠎ᠠ᠃

ᠪᠠᠶᠠᠨᠰᠠᠩ ᠡᠷᠬᠢᠯᠡᠭ᠍ᠴᠢ ᠤᠷᠢ᠍ᠳ ᠬᠤᠵᠢ᠍ᠳ ᠬᠤᠪᠤᠯᠳ᠋ᠤ ᠭᠠᠴᠠᠭ᠎ᠠ ᠶᠢᠨ ᠡᠷᠳᠡᠨᠢᠳᠠᠯᠠᠢ ᠶᠢᠨ ᠭᠡᠷ ᠪᠦᠯᠢ ᠶᠢᠨ ᠮᠠᠯᠵᠢ᠍ᠯ ᠤᠨ ᠲᠠᠯᠠᠪᠠᠢ᠂ ᠪᠠᠶᠠᠷᠲᠤᠬᠤᠰᠢ᠍ᠭᠤ ᠭᠠᠴᠠᠭ᠎ᠠ ᠶᠢᠨ ᠹᠧᠩ ᠱᠠᠨ ᠭᠡᠷ ᠪᠦᠯᠢ ᠶᠢᠨ ᠮᠠᠯᠵᠢ᠍ᠯ ᠤᠨ ᠲᠠᠯᠠᠪᠠᠢ ᠳᠤ ᠬᠦᠷᠴᠤ᠂ ᠤᠳ᠋ᠤ ᠦᠶ᠎ᠠ ᠶᠢᠨ ᠮᠠᠯ ᠠᠵᠤ ᠠᠬᠤᠢ ᠶᠢᠨ ᠬᠦᠭ᠍ᠵᠢ᠍ᠯᠳ᠋ᠡ ᠶᠢᠨ ᠪᠠᠢ᠌ᠳ᠋ᠠᠯ ᠢ ᠬᠢᠨᠠᠨ ᠦᠵᠡᠪᠡ᠃ ᠲᠤᠬᠠᠢ ᠶᠢᠨ ᠭᠠᠵᠠᠷ ᠲᠤ ᠨᠢ ᠪᠠᠢ᠌ᠴᠠᠭᠠᠨ ᠦᠵᠡᠬᠦ᠂ ᠰᠠᠭᠤᠯᠴᠠᠨ ᠶᠠᠷᠢ᠍ᠯᠴᠠᠬᠤ ᠵᠡᠷᠭᠡ ᠬᠡᠯᠪᠡᠷᠢ ᠪᠡᠷ ᠲᠡᠵᠢ᠍ᠭᠡᠪᠦᠷᠢ ᠶᠢᠨ ᠠᠵᠤ ᠦᠢ᠍ᠯᠡᠰ᠂ ᠪᠠᠷᠢ᠍ᠮᠵᠢ᠍ᠶᠠᠵᠢ᠍ᠭᠰᠠᠨ ᠬᠠᠰᠢ᠍ᠶ᠎ᠠ ᠰᠠᠷᠠᠪᠴᠢ ᠦᠨ ᠪᠦᠲᠦᠭᠡᠨ ᠪᠠᠢ᠌ᠭᠤᠯᠤᠯᠳ᠋ᠡ᠂ ᠡᠪᠡᠰᠦ ᠪᠤᠷᠳ᠋ᠤᠭ᠎ᠠ ᠶᠢᠨ ᠨᠦ᠋ᠬᠡᠴᠡᠯᠡᠯᠳ᠋ᠡ ᠵᠡᠷᠭᠡ ᠪᠠᠢ᠌ᠳ᠋ᠠᠯ ᠢ ᠤᠢ᠌ᠯᠠᠭᠠᠭᠰᠠᠨ ᠪᠠᠢ᠌ᠨ᠎ᠠ᠃ ᠪᠠᠶᠠᠨᠰᠠᠩ ᠱᠠᠭᠠᠷᠳ᠋ᠠᠭᠰᠠᠨ ᠨᠢ᠂ ᠡᠷᠬᠡᠪᠰᠢ ᠮᠠᠯ ᠠᠵᠤ ᠠᠬᠤᠢ ᠶᠢᠨ ᠦᠢ᠍ᠯᠡᠳᠪᠦᠷᠢ᠍ᠯᠡᠯ ᠦᠨ ᠬᠡᠯᠪᠡᠷᠢ ᠶᠢ ᠬᠤᠪᠢᠷᠠᠭᠤᠯᠬᠤ ᠶᠢ ᠴᠢ᠍ᠩᠭ᠎ᠠ ᠠᠳᠬᠤᠨ᠂ ᠮᠠᠯ ᠠᠵᠤ ᠠᠬᠤᠢ ᠶᠢᠨ ᠦᠢ᠍ᠯᠡᠰ ᠦᠨ ᠬᠡᠯᠪᠡᠷᠢ ᠶᠢᠨ ᠳᠡᠰ ᠳᠠᠪᠰᠢ᠍ᠯᠳ᠋ᠡ ᠶᠢ ᠲᠦ᠋ᠯᠬᠢᠨ ᠠᠬᠢᠭᠤᠯᠵᠤ᠂ ᠤᠳ᠋ᠤ ᠦᠶ᠎ᠠ ᠶᠢᠨ ᠮᠠᠯ ᠠᠵᠤ ᠠᠬᠤᠢ ᠶᠢᠨ ᠦᠢ᠍ᠯᠡᠰ ᠦᠨ ᠭᠦᠭ᠍ᠵᠢ᠍ᠯᠳ᠋ᠡ ᠶᠢᠨ ᠲᠦ᠋ᠯᠦᠪᠵᠢ᠍ᠭᠦᠯᠭᠡ ᠶᠢᠨ ᠪᠦᠲᠦᠴᠡ ᠶᠢ ᠲᠡᠭᠦᠯᠳ᠋ᠡᠷᠵᠢ᠍ᠭᠦᠯᠵᠤ᠂ ᠮᠠᠯ ᠠᠵᠤ ᠠᠬᠤᠢ ᠶᠢᠨ ᠦᠢ᠍ᠯᠡᠰ ᠦᠨ ᠪᠠᠷᠢ᠍ᠮᠵᠢ᠍ᠶᠠᠵᠢ᠍ᠭᠰᠠᠨ ᠬᠢᠷᠢ ᠲᠦ᠋ᠪᠰᠢ᠍ᠨ ᠪᠠ ᠵᠤᠬᠢᠶᠠᠨ ᠪᠠᠢ᠌ᠭᠤᠯᠤᠯᠳ᠋ᠡ ᠶᠢᠨ ᠬᠢᠷᠢ ᠲᠦ᠋ᠪᠰᠢ᠍ᠨ ᠢ ᠳᠡᠭᠡᠭ᠍ᠰᠢ᠍ᠯᠡᠬᠦᠯᠬᠦ ᠬᠡᠷᠡᠭ᠍ᠲᠡᠢ ᠭᠡᠵᠡᠢ᠃

ᠪᠤᠳ᠋ᠠᠳ᠋ᠠᠢ ᠭᠠᠵᠠᠷ ᠤᠨ ᠪᠠᠢ᠌ᠴᠠᠭᠠᠯᠳ᠋ᠡ ᠶᠢᠨ ᠳᠠᠷᠠᠭ᠎ᠠ᠂ ᠪᠠᠶᠠᠨᠰᠠᠩ ᠡᠷᠬᠢᠯᠡᠭ᠍ᠴᠢ ᠪᠠᠶᠠᠷᠲᠤᠬᠤᠰᠢ᠍ᠭᠤ ᠪᠠᠯᠭᠠᠰᠤ ᠶᠢᠨ ᠵᠠᠰᠠᠭ ᠤᠨ ᠤᠷᠳ᠋ᠤᠨ ᠳᠤ ᠬᠦᠷᠴᠦ᠂ ᠶᠠᠳ᠋ᠠᠭᠤ ᠡᠴᠡ ᠠᠩᠭᠢᠵᠢ᠍ᠷᠠᠭᠤᠯᠬᠤ ᠪᠤᠭᠤᠮᠳ᠋ᠠ ᠰᠢ᠍ᠪᠲᠤᠯᠬᠤ ᠲᠤᠰᠬᠠᠢ ᠲᠦ᠋ᠷᠦᠯ ᠦᠨ ᠲᠤᠭᠤᠷᠢ᠍ᠨ ᠪᠠᠢ᠌ᠴᠠᠭᠠᠯᠳ᠋ᠡ ᠶᠢᠨ ᠬᠠᠷᠢ᠍ᠭᠤ ᠲᠤᠰᠬᠠᠯ ᠤᠨ ᠰᠠᠨᠠᠯ ᠢ ᠴᠡᠭ᠍ᠴᠡᠯᠡᠨ ᠵᠠᠰᠠᠭᠰᠠᠨ ᠪᠠᠢ᠌ᠳ᠋ᠠᠯ ᠢ ᠵᠢᠭᠠᠨ ᠵᠢᠯᠤᠭᠤᠳᠬᠤ ᠶᠢᠨ ᠬᠠᠮᠳ᠋ᠤ ᠱᠠᠭᠠᠷᠳ᠋ᠠᠭᠰᠠᠨ ᠨᠢ ᠪᠠᠶᠠᠷᠲᠤᠬᠤᠰᠢ᠍ᠭᠤ ᠪᠠᠯᠭᠠᠰᠤ ᠶᠢᠨ ᠨᠠᠮ ᠤᠨ ᠬᠤᠷᠢ᠍ᠶ᠎ᠠ ᠵᠠᠰᠠᠭ ᠤᠨ ᠤᠷᠳ᠋ᠤᠨ ᠲᠠᠨᠢᠯᠳᠡ ᠪᠠᠨ ᠳᠡᠭᠡᠭ᠍ᠰᠢ᠍ᠯᠡᠬᠦᠯᠦᠨ᠂ ᠬᠠᠷᠢ᠍ᠭᠤᠴᠠᠯᠭ᠎ᠠ ᠪᠠᠨ ᠪᠠᠳ᠋ᠤᠳᠬᠠᠵᠤ᠂ ᠬᠠᠷᠭᠤᠭᠤᠯᠤᠨ ᠵᠠᠰᠠᠨ ᠴᠡᠭ᠍ᠴᠡᠯᠡᠬᠦ ᠨᠠᠷᠢ᠍ᠨ ᠳᠠᠩᠰᠠ ᠳᠤ ᠬᠢᠨᠠᠮᠠᠭᠠᠢ ᠬᠠᠨᠳ᠋ᠤᠨ᠂ ᠬᠡᠷᠡᠴᠢ᠍ᠯᠡᠬᠦ ᠮᠠᠲ᠋ᠸᠷᠢ᠍ᠶᠠᠯ ᠢ ᠤᠯᠠᠮ ᠨᠢ᠍ᠭᠡ ᠠᠯᠬᠤᠮ ᠲᠡᠭᠦᠯᠳ᠋ᠡᠷᠵᠢ᠍ᠬᠦᠯᠵᠤ᠂ ᠲᠤᠭᠤᠷᠢ᠍ᠨ ᠪᠠᠢ᠌ᠴᠠᠭᠠᠯᠳ᠋ᠡ ᠶᠢᠨ ᠡᠭᠦᠷᠭᠡ ᠶᠢ ᠴᠠᠭ ᠲᠤᠬᠠᠢ ᠳ᠋ᠤᠨᠢ ᠪᠠᠶᠠᠯᠡᠬᠦᠯᠬᠦ ᠬᠡᠷᠡᠭ᠍ᠲᠡᠢ ᠬᠡᠪᠡ᠃ (ᠳᠠᠯᠠᠢ ᠴᠤᠯᠮᠤᠨ)