ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎᠎ᠠ《 ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠤᠳᠠᠨ ᠤ ᠭᠠᠵᠠᠷ ᠤᠷᠤᠨ ᠤ ᠦᠪᠡᠷᠳᠡᠭᠡᠨ ᠵᠠᠰᠠᠬᠤ ᠬᠠᠤᠯᠢ》᠋ ᠶᠢ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠨᠨ ᠪᠠᠢᠳᠠᠯ ᠳᠤ ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠯᠳᠠ ᠬᠢᠭᠰᠡᠨ ᠨᠢ


4 ᠰᠠᠷ᠎ᠠ ᠶᠢᠨ 26᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠰᠦᠩ ᠯᠢᠶᠠᠨ ᠡᠾᠦ᠋ᠢ ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠬᠤ ᠲᠤᠭᠤᠢᠯᠠᠩ ᠢ ᠲᠠᠭᠠᠭᠤᠯᠤᠨ ᠮᠠᠨ ᠤ ᠬᠤᠰᠢᠭᠤᠨ ᠤ《 ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠤᠳᠠᠨ ᠤ ᠭᠠᠵᠠᠷ ᠤᠷᠤᠨ ᠤ ᠦᠪᠡᠷᠳᠡᠭᠡᠨ ᠵᠠᠰᠠᠬᠤ ᠬᠠᠤᠯᠢ》 ᠶᠢ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠨᠨ ᠪᠠᠢᠳᠠᠯ ᠳᠤ ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠯᠳᠠ ᠬᠢᠭᠰᠡᠨ ᠪᠠᠢᠨ᠎ᠡ᠃ ᠬᠤᠰᠢᠭᠤᠨ ᠲᠠᠳ᠋ ᠲᠠᠷᠤᠭ᠎ᠠ ᠦᠨᠡᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷ᠎ᠠ ᠪᠤᠯᠤᠨ ᠪᠠᠢᠴᠠᠭᠠᠪᠠ᠃

ᠬᠠᠤᠯᠢ ᠭᠡᠷᠡᠭᠵᠢᠬᠦᠯᠦᠯᠳᠠ ᠶᠢᠨ ᠪᠠᠢᠴᠠᠭᠠᠬᠤ ᠲᠤᠭᠤᠢᠯᠠᠩ ᠤᠷᠢᠳ ᠬᠤᠵᠢᠳ ᠯᠦᠪᠸᠢ ᠵᠡᠭᠡᠯᠢ ᠭᠤᠳᠤᠮᠵᠢ ᠶᠢᠨ ᠰᠢᠤᠸᠠᠢ ᠶᠤᠸᠠᠨ ᠨᠡᠢᠭᠡᠮ ᠲᠤᠭᠤᠷᠢᠭ᠂ ᠵᠠᠷᠤᠤᠨ ᠮᠤᠩᠭᠤᠯ ᠨᠢᠭᠡᠳᠤᠭᠡᠷ ᠲᠤᠮᠳᠠᠳᠤ ᠰᠤᠷᠭᠠᠭᠤᠯᠢ ᠵᠡᠷᠭᠡ ᠭᠠᠵᠠᠷ ᠲᠤ ᠬᠦᠷᠴᠤ᠂ ᠮᠠᠨ ᠤ ᠬᠤᠰᠢᠭᠤᠨ ᠤ《 ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠤᠳᠠᠨ ᠤ ᠭᠠᠵᠠᠷ ᠤᠷᠤᠨ ᠤ ᠦᠪᠡᠷᠳᠡᠭᠡᠨ ᠵᠠᠰᠠᠬᠤ ᠬᠠᠤᠯᠢ》 ᠶᠢ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠨᠨ ᠪᠠᠢᠳᠠᠯ ᠢ ᠨᠠᠷᠢᠨ ᠬᠢᠨᠠᠮᠠᠭᠠᠢ ᠤᠢᠯᠠᠭᠠᠭᠰᠨᠨ ᠪᠠᠢᠨ᠎ᠡ᠃

ᠪᠤᠳᠠᠳᠤ ᠭᠠᠵᠠᠷ ᠤᠨ ᠪᠠᠢᠴᠠᠭᠠᠯᠳᠠ ᠲᠠᠭᠤᠰᠤᠭᠰᠨᠨ ᠤ ᠲᠠᠷᠠᠭ᠎ᠠ᠂ ᠰᠠᠭᠤᠳᠠᠯ ᠤᠨ ᠬᠤᠷᠠᠯ ᠬᠤᠷᠠᠯᠳᠤᠭᠤᠯᠪᠠ᠃ ᠰᠦᠩ ᠯᠢᠶᠠᠨ ᠡᠾᠦ᠋ᠢ ᠮᠠᠨ ᠤ ᠬᠤᠰᠢᠭᠤᠨ ᠤ《 ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠤᠳᠠᠨ ᠤ ᠭᠠᠵᠠᠷ ᠤᠷᠤᠨ ᠤ ᠦᠪᠡᠷᠳᠡᠭᠡᠨ ᠵᠠᠰᠠᠬᠤ ᠬᠠᠤᠯᠢ》 ᠶᠢ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠨᠨ ᠪᠠᠢᠳᠠᠯ ᠳᠤ ᠬᠦᠢᠴᠡᠳ ᠦᠨᠡᠯᠡᠯᠳᠠ ᠦᠭᠪᠡ᠃

ᠰᠦᠩ ᠯᠢᠶᠠᠨ ᠡᠾᠦ᠋ᠢ ᠵᠢᠭᠠᠵᠤ ᠭᠠᠷᠭᠠᠭᠰᠨᠨ ᠨᠢ᠂ ᠤᠢᠷ᠎ᠠ ᠶᠢᠨ ᠵᠢᠯ ᠡᠴᠨ ᠨᠠᠰᠢ᠂ ᠮᠠᠨ ᠤ ᠬᠤᠰᠢᠭᠤ ᠰᠢ ᠵᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠬᠤ ᠶᠢ ᠢᠮᠠᠭᠳᠠ ᠪᠠᠷᠢᠮᠳᠠᠯᠠᠵᠤ᠂《 ᠦᠨᠳᠤᠰᠤᠳᠠᠨ ᠤ ᠭᠠᠵᠠᠷ ᠤᠷᠤᠨ ᠤ ᠦᠪᠡᠷᠳᠡᠭᠡᠨ ᠵᠠᠰᠠᠬᠤ ᠬᠠᠤᠯᠢ》ᠵᠢᠴᠢ ᠨᠠᠮ ᠪᠤᠯᠤᠨ ᠤᠯᠤᠰ ᠤᠨ ᠡᠯ᠎ᠠ ᠲᠦᠷᠤᠯ ᠤᠨ ᠦᠨᠳᠤᠰᠤᠳᠠᠨ ᠤ ᠲᠦᠷᠤ ᠶᠢᠨ ᠪᠤᠳᠤᠯᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠨᠳᠤᠰᠤᠳᠠᠨ ᠤ ᠪᠦᠯᠬᠦᠮᠳᠠᠯ ᠲᠠᠪᠰᠢᠯᠳᠠ ᠶᠢ ᠡᠬᠦᠳᠤᠨ ᠪᠠᠢᠭᠤᠯᠬᠤ ᠬᠦᠳᠡᠯᠭᠡᠭᠡᠨ ᠢ ᠪᠠᠳᠤᠳᠠᠢ ᠦᠷᠨᠢᠬᠦᠯᠤᠨ᠂《 ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ》ᠤᠢᠯᠠᠭᠠᠭᠳᠠᠬᠤᠨ ᠪᠤᠯᠤᠨ《 ᠦᠨᠳᠤᠰᠤᠳᠠᠨ ᠤ ᠪᠦᠯᠬᠦᠮᠳᠠᠯ ᠪᠤᠯ ᠡᠯ᠎ᠠ ᠦᠨᠳᠤᠰᠤᠳᠠᠨ ᠤ ᠠᠷᠠᠳ ᠲᠦᠮᠨᠨ ᠤ ᠠᠮᠢ ᠨᠠᠰᠤᠨ ᠤ ᠱᠤᠭᠤᠮ》ᠪᠤᠯᠬᠤ ᠦᠵᠡᠯᠳᠠ ᠶᠢ ᠪᠦᠬᠦ ᠬᠤᠰᠢᠭᠤᠨ ᠤ ᠡᠯ᠎ᠠ ᠦᠨᠳᠤᠰᠤᠳᠠᠨ ᠤ ᠺᠠᠳ᠋ᠷ ᠤᠯᠨᠨ ᠲᠦᠮᠨᠨ ᠤ ᠦᠵᠡᠯ ᠰᠠᠨᠠᠭᠠᠨ ᠳᠤ ᠬᠦᠨ ᠦᠨᠳᠤᠰᠤᠯᠡᠬᠦᠯᠵᠤ᠂ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠨ  ᠶᠢᠨ ᠤᠬᠠᠮᠰᠠᠷ ᠢ ᠪᠠᠳᠤᠳᠬᠠᠨ᠂ ᠪᠦᠬᠦ ᠬᠤᠰᠢᠭᠤᠨ ᠤ ᠡᠯ᠎ᠠ ᠦᠨᠳᠤᠰᠤᠳᠠᠨ ᠤ ᠺᠠᠳ᠋ᠷ ᠤᠯᠨᠨ ᠲᠦᠮᠨᠨ ᠤ《 ᠦᠵᠡᠰᠬᠦᠯᠡᠩᠳᠤ ᠰᠠᠢᠬᠠᠨ ᠦᠪᠤᠷ ᠮᠤᠩᠭᠤᠯ ᠢ ᠪᠦᠳᠤᠭᠡᠨ ᠪᠠᠢᠭᠤᠯᠵᠤ᠂ ᠠᠭᠤᠤ ᠶᠡᠭᠡ ᠲᠤᠮᠳᠠᠳᠤ ᠶᠢᠨ ᠵᠡᠬᠦᠳᠤ ᠶᠢ ᠬᠠᠮᠳᠤᠪᠠᠷ ᠲᠠᠷᠭᠡᠯᠰᠢᠬᠦᠯᠬᠦ》 ᠬᠦᠴᠤᠷᠭᠡᠭ᠌ ᠶᠡᠭᠡ ᠬᠦᠴᠤᠨ ᠴᠢᠳᠠᠯ ᠢ ᠨᠢᠭᠡᠳᠭᠡᠵᠤ᠂ ᠦᠨᠳᠤᠰᠤᠳᠠᠨ ᠤ ᠪᠦᠯᠬᠦᠮᠳᠠᠯ ᠲᠠᠪᠰᠢᠯᠳᠠ ᠶᠢᠨ ᠠᠵᠢᠯ ᠤᠢᠯᠡᠰ ᠢ ᠪᠦᠬᠦ ᠲᠠᠯ᠎ᠠ ᠪᠡᠷ ᠲᠦᠯᠬᠢᠨ ᠠᠬᠢᠭᠤᠯᠵᠤ᠂ ᠦᠨᠳᠤᠰᠤᠳᠠᠨ ᠤ ᠲᠦᠷᠤ ᠶᠢᠨ ᠪᠤᠳᠤᠯᠭ᠎ᠠ ᠶᠢ ᠤᠬᠠᠭᠤᠯᠤᠨ ᠲᠤᠭᠤᠰᠢᠯᠠᠭᠤᠯᠵᠤ ᠨᠠᠢᠳᠠᠪᠤᠷᠢᠵᠢᠭᠤᠯᠬᠤ᠂ ᠦᠨᠳᠤᠰᠤᠳᠠᠨ ᠤ ᠪᠦᠯᠬᠦᠮᠳᠠᠯ ᠲᠠᠪᠰᠢᠯᠳᠠ᠂ ᠦᠨᠳᠤᠰᠤᠳᠠᠨ ᠤ ᠰᠤᠷᠭᠠᠨ ᠬᠦᠮᠤᠵᠢᠯ᠂ ᠦᠨᠳᠤᠰᠤᠳᠠᠨ ᠤ ᠺᠠᠳ᠋ᠷᠴᠤᠤᠨ ᠢ ᠬᠦᠮᠤᠵᠢᠬᠦᠯᠬᠦ᠂ ᠰᠤᠩᠭᠤᠨ ᠭᠡᠷᠡᠭᠯᠡᠬᠦ᠂ᠦᠨᠳᠤᠰᠤᠳᠠᠨ ᠤ ᠪᠦᠯᠬᠦᠮᠳᠠᠯ ᠲᠠᠪᠰᠢᠯᠳᠠ᠂ ᠦᠨᠳᠤᠰᠤᠳᠠᠨ ᠤ ᠰᠤᠷᠭᠠᠨ ᠬᠦᠮᠤᠵᠢᠯ᠂ ᠦᠨᠳᠤᠰᠤᠳᠡᠨ ᠤ ᠦᠭᠡ ᠭᠡᠯᠨ ᠦᠰᠤᠭ᠌ ᠪᠢᠴᠢᠭ᠌ ᠢ ᠲᠦᠷᠢᠮᠵᠢᠬᠦᠯᠤᠨ ᠭᠡᠷᠡᠭᠯᠡᠬᠦ᠂ ᠦᠨᠳᠤᠰᠤᠳᠠᠨ ᠤ ᠲᠦᠪᠯᠡᠷᠡᠨ ᠰᠠᠭᠤᠭᠰᠨᠨ ᠤᠷᠤᠨ ᠤ ᠠᠵᠤ ᠠᠬᠤᠢ ᠶᠢᠨ ᠪᠦᠳᠤᠭᠡᠨ ᠪᠠᠢᠭᠤᠯᠤᠯᠳᠠ ᠵᠡᠷᠭᠡ ᠲᠠᠯ᠎ᠠ ᠳᠤ ᠶᠡᠭᠡ ᠭᠡᠮᠵᠢᠶᠠᠨ ᠤ ᠲᠤᠪᠤᠢᠮ᠎ᠠ ᠪᠦᠳᠤᠮᠵᠢᠳᠠᠢ ᠠᠵᠢᠯ ᠬᠢᠭᠰᠡᠨ ᠪᠠᠢᠨ᠎ᠠ ᠭᠡᠵᠡᠢ᠃

ᠰᠦᠩ ᠯᠢᠶᠠᠨ ᠡᠾᠦ᠋ᠢ ᠴᠢᠩᠭᠠᠳᠬᠠᠭᠰᠨᠨ ᠨᠢ᠂ ᠰᠢ ᠵᠢᠨ ᠫᠢᠩ ᠶᠡᠷᠤᠩᠭᠡᠢ ᠱᠦᠵᠢ ᠶᠢᠨ ᠦᠨᠳᠤᠰᠤᠳᠠᠨ ᠤ ᠠᠵᠢᠯ ᠤᠨ ᠲᠤᠬᠠᠢ ᠰᠢᠷᠢᠰ ᠴᠢᠬᠤᠯᠨ ᠶᠠᠷᠶᠶᠠᠨ ᠤ ᠵᠤᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠨᠳᠤᠰᠤᠳᠠᠨ ᠤ ᠠᠵᠢᠯ ᠤᠨ ᠵᠦᠪ ᠴᠢᠭᠯᠡᠯ ᠢ ᠢᠮᠠᠭᠳᠠ ᠪᠠᠷᠢᠮᠳᠠᠯᠠᠬᠤ ᠭᠡᠷᠡᠭᠳᠡᠢ᠃《 ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠤᠳᠠᠨ ᠤ ᠭᠠᠵᠠᠷ ᠤᠷᠤᠨ ᠤ ᠦᠪᠡᠷᠳᠡᠭᠡᠨ ᠵᠠᠰᠠᠬᠤ ᠬᠠᠤᠯᠢ》᠋ ᠶᠢ ᠤᠬᠠᠭᠤᠯᠬᠤ ᠬᠦᠴᠤᠨ ᠶᠢᠠᠨ ᠶᠡᠭᠡᠰᠭᠡᠨ᠂《 ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠤᠳᠠᠨ ᠤ ᠭᠠᠵᠠᠷ ᠤᠷᠤᠨ ᠤ ᠦᠪᠡᠷᠳᠡᠭᠡᠨ ᠵᠠᠰᠠᠬᠤ ᠬᠠᠤᠯᠢ》᠋ ᠶᠢᠨ ᠴᠢᠬᠤᠯᠨ ᠠᠴᠢ ᠬᠤᠯᠪᠤᠭᠳᠠᠯ ᠢ ᠬᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ ᠤᠨ ᠦᠨᠳᠤᠰᠤᠳᠠᠨ ᠤ ᠤᠨᠤᠯ᠂ ᠦᠨᠳᠤᠰᠤᠳᠠᠨ ᠤ ᠲᠦᠷᠤ ᠶᠢᠨ ᠪᠤᠳᠤᠯᠭ᠎ᠠ ᠪᠤᠯᠤᠨ ᠤᠯᠤᠰ ᠤᠨ ᠦᠨᠳᠤᠰᠤᠳᠠᠨ ᠤ ᠬᠠᠤᠯᠢ ᠴᠠᠭᠠᠵᠨ ᠬᠠᠤᠯᠢ ᠲᠦᠷᠢᠮ ᠤᠨ ᠤᠬᠠᠭᠤᠯᠭ᠎ᠠ ᠬᠦᠮᠤᠵᠢᠯ ᠤᠨ ᠬᠦᠳᠡᠯᠭᠡᠭᠡᠨ ᠢ ᠦᠷᠭᠡᠨ ᠶᠢᠠᠷ ᠦᠷᠨᠢᠬᠦᠯᠤᠨ᠂ ᠰᠤᠷᠤᠯᠴᠠᠯᠭ᠎ᠠ ᠶᠢᠨ ᠤᠬᠠᠮᠰᠠᠷᠳᠤ ᠴᠢᠨᠠᠷ ᠪᠤᠯᠤᠨ ᠰᠠᠨᠠᠭᠠᠴᠢᠯᠭᠠᠳᠤ ᠴᠢᠨᠠᠷ ᠢ ᠴᠢᠩᠭᠠᠳᠬᠠᠬᠤ ᠭᠡᠷᠡᠭᠳᠡᠢ᠃ ᠦᠨᠳᠤᠰᠤᠳᠠᠨ ᠤ ᠦᠭᠡ ᠭᠡᠯᠨ ᠦᠰᠤᠭ᠌ ᠪᠢᠴᠢᠭ᠌ ᠢ ᠭᠡᠷᠡᠭᠯᠡᠬᠦ ᠶᠢ ᠤᠯᠠᠮ ᠨᠢᠭᠡ ᠠᠯᠬᠤᠮ ᠲᠦᠷᠢᠮᠵᠢᠬᠦᠯᠵᠤ᠂ ᠴᠦᠭᠡᠨ ᠲᠤᠭᠠᠳᠤ ᠦᠨᠳᠤᠰᠤᠳᠠᠨ ᠤ ᠲᠦᠪᠯᠡᠷᠡᠨ ᠰᠠᠭᠤᠭᠰᠨᠨ ᠤᠷᠤᠨ ᠤ ᠨᠠᠢᠳᠠ ᠶᠢᠨ ᠤᠢᠯᠡᠴᠢᠯᠡᠭᠡ ᠪᠤᠯᠤᠨ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠢᠭᠤᠯᠤᠯᠳᠠ ᠶᠢ ᠲᠦᠷᠭᠡᠳᠭᠡᠨ᠂ ᠦᠨᠳᠤᠰᠤᠳᠠᠨ ᠤ ᠭᠠᠵᠠᠷ ᠤᠷᠤᠨ ᠤ ᠨᠡᠢᠭᠡᠮ ᠤᠨ ᠡᠷᠡᠬᠦᠯ ᠴᠢᠬᠢᠷᠠᠭ ᠶᠢᠠᠷ ᠲᠦᠷᠭᠡᠨ ᠬᠦᠭᠵᠢᠬᠦ ᠶᠢ ᠲᠦᠯᠬᠢᠨ ᠠᠬᠢᠭᠤᠯᠬᠤ ᠭᠡᠷᠡᠭᠳᠡᠢ ᠭᠡᠵᠡᠢ᠃

ᠰᠠᠭᠤᠳᠠᠯ ᠤᠨ ᠬᠤᠷᠠᠯ ᠲᠠᠭᠡᠷ᠎ᠠ᠂ ᠬᠤᠰᠢᠭᠤᠨ ᠤ ᠭᠡᠷᠡᠭ ᠡᠷᠬᠢᠯᠡᠬᠦ ᠲᠤᠪᠴᠢᠶ᠎ᠠ ᠶᠢᠨ ᠬᠠᠷᠢᠭᠤᠴᠠᠯᠭᠠᠳᠠᠨ ᠡᠴᠨ ᠮᠠᠨ ᠤ ᠬᠤᠰᠢᠭᠤᠨ ᠤ《 ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠤᠳᠠᠨ ᠤ ᠭᠠᠵᠠᠷ ᠤᠷᠤᠨ ᠤ ᠦᠪᠡᠷᠳᠡᠭᠡᠨ ᠵᠠᠰᠠᠬᠤ ᠬᠠᠤᠯᠢ》  ᠶᠢ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠨᠨ ᠪᠠᠢᠳᠠᠯ ᠢ ᠬᠠᠷᠢᠭᠤ ᠮᠡᠳᠡᠬᠦᠯᠦᠯᠳᠠ ᠬᠢᠪᠡ᠃ ᠬᠤᠷᠠᠯ ᠳᠤ ᠤᠷᠤᠯᠴᠠᠭᠰᠨᠳ《 ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠤᠳᠠᠨ ᠤ ᠭᠠᠵᠠᠷ ᠤᠷᠤᠨ ᠤ ᠦᠪᠡᠷᠳᠡᠭᠡᠨ ᠵᠠᠰᠠᠬᠤ ᠬᠠᠤᠯᠢ》  ᠶᠢ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠨᠨ ᠪᠠᠢᠳᠠᠯ ᠵᠢᠴᠢ ᠤᠷᠤᠰᠢᠵᠤ ᠪᠠᠢᠭ᠎ᠠ ᠠᠰᠠᠭᠤᠳᠠᠯ ᠤᠨ ᠲᠤᠬᠠᠢ ᠰᠠᠨᠠᠯ ᠪᠤᠳᠤᠯ ᠶᠢᠠᠨ ᠰᠤᠯᠢᠯᠴᠠᠭᠰᠨᠨ ᠪᠠᠢᠨ᠎ᠡ᠃

 

ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠡᠷᠬᠢᠯᠡᠭ᠍ᠴᠢ ᠪᠠᠶᠠᠨᠰᠠᠩ ᠪᠠᠶᠠᠷᠲᠤᠬᠤᠰᠢ᠍ᠭᠤ ᠪᠠᠯᠭᠠᠰᠤᠨ ᠳᠤ ᠭᠦᠨᠵᠡᠭᠡᠢ᠌ᠷᠡᠵᠤ ᠠᠵᠢ᠍ᠯ ᠪᠠᠢ᠌ᠴᠠᠭᠠᠭᠰᠠᠨ
ᠳᠠᠷᠠᠭᠠᠬᠢ᠄ 2019 ᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢᠨ ᠰᠠᠨᠠᠭᠤᠯᠭ᠎ᠠ ᠵᠦᠪᠯᠡᠯᠭᠡ ᠶᠢ ᠲᠤᠰᠢᠶᠠᠨ ᠰᠢᠢᠳᠪᠤᠷᠢᠯᠡᠬᠦ ᠬᠤᠷᠠᠯ ᠬᠤᠷᠠᠯᠳᠤᠭᠰᠠᠨ ᠨᠢ