ᠤᠳᠤ ᠶᠢᠨ ᠪᠠᠢ᠌ᠷᠢ᠄ ᠦᠨᠳᠤᠰᠤᠨ ᠱᠠᠳᠤᠨ ᠤ ᠠᠵᠢᠯ → ᠵᠢᠷᠦᠭᠡ ᠪᠠᠯᠭᠠᠰᠤ ᠬᠡᠰᠡᠭ᠌ ᠠᠷᠠᠳ ᠤᠨ ᠲᠦ᠋ᠯᠦᠭᠡᠯᠡᠭ᠍ᠴᠢ᠍ᠳ ᠢ᠁
ᠵᠢᠷᠦᠭᠡ ᠪᠠᠯᠭᠠᠰᠤ ᠬᠡᠰᠡᠭ᠌ ᠠᠷᠠᠳ ᠤᠨ ᠲᠦ᠋ᠯᠦᠭᠡᠯᠡᠭ᠍ᠴᠢ᠍ᠳ ᠢ ᠵᠤᠬᠢᠶᠠᠨ ᠪᠠᠢ᠌ᠭᠤᠯᠵᠤ ᠪᠠᠢ᠌ᠴᠠᠭᠠᠨ ᠰᠤᠳ᠋ᠤᠯᠤᠯᠳ᠋ᠡ ᠦᠷᠨᠢᠭᠦᠯᠦᠭ᠍ᠰᠡᠨ


               

             ᠭᠠᠴᠠᠭ᠎ᠠ ᠲᠤᠰᠬᠤᠨ ᠤ ᠤᠷᠴᠢ᠍ᠨ ᠲᠤᠭᠤᠷᠢ᠍ᠨ ᠤ ᠴᠢ᠍ᠨᠠᠷ ᠴᠢ᠍ᠨᠰᠠᠭ᠎ᠠ ᠶᠢ ᠳᠡᠭᠡᠭ᠍ᠰᠢ᠍ᠯᠡᠬᠦᠯᠦᠨ᠂《ᠵᠢᠷᠭᠤᠭᠠᠨ ᠨᠢ᠍ᠭᠡ》ᠬᠦᠷᠢ᠍ᠶᠠᠨ ᠠᠵᠤ ᠠᠬᠤᠢ ᠶᠢᠨ ᠪᠦᠲᠦᠭᠡᠨ ᠪᠠᠢ᠌ᠭᠤᠯᠤᠯᠳ᠋ᠡ ᠶᠢᠨ ᠠᠯᠬᠤᠴᠠ ᠶᠢ ᠲᠦ᠋ᠷᠭᠡᠳᠬᠡᠬᠦ ᠶᠢᠨ ᠲᠦ᠋ᠯᠦᠭᠡ᠂5 ᠰᠠᠷ᠎ᠠ ᠶᠢᠨ6᠊ ᠤ ᠡᠳ᠋ᠦᠷ᠂ ᠵᠢᠷᠦᠭᠡ ᠪᠠᠯᠭᠠᠰᠤ ᠬᠡᠰᠡᠭ᠌ ᠠᠷᠠᠳ ᠤᠨ ᠲᠦ᠋ᠯᠦᠭᠡᠯᠡᠭ᠍ᠴᠢ᠍ᠳ ᠵᠢᠴᠢ ᠲᠤᠰᠬᠤᠨ ᠤ ᠺᠠᠲᠷ ᠢ ᠵᠤᠬᠢᠶᠠᠨ ᠪᠠᠢ᠌ᠭᠤᠯᠵᠤ ᠪᠠᠶᠠᠨᠲᠠᠯ᠎ᠠ ᠰᠤᠮᠤ ᠶᠢᠨ ᠪᠠᠶᠠᠨᠲᠠᠯ᠎ᠠ ᠭᠠᠴᠠᠭ᠎ᠠ᠂ ᠵᠢᠷᠦᠭᠡ ᠪᠠᠯᠭᠠᠰᠤ ᠶᠢᠨ ᠰᠢ᠍ᠩ ᠯᠥᠩ ᠳ᠋ᠢ ᠲᠤᠰᠬᠤᠨ᠂ ᠰᠠᠩᠰᠠᠲᠠᠢ ᠲᠤᠰᠬᠤᠨ ᠵᠡᠷᠭᠡ ᠭᠠᠵᠠᠷ ᠲᠤ ᠬᠦᠷᠴᠤ᠂ ᠤᠷᠴᠢ᠍ᠨ ᠲᠤᠭᠤᠷᠢ᠍ᠨ ᠤ ᠠᠷᠢ᠍ᠭᠤᠨ ᠴᠡᠪᠡᠷ ᠦᠨ ᠴᠡᠭ᠍ᠴᠡᠯᠡᠨ ᠵᠠᠰᠠᠯᠳ᠋ᠡ᠂ ᠬᠦᠷᠢ᠍ᠶᠠᠨ ᠠᠵᠤ ᠠᠬᠤᠢ ᠵᠡᠷᠭᠡ ᠶᠢ ᠪᠠᠢ᠌ᠴᠠᠭᠠᠨ ᠰᠤᠳ᠋ᠤᠯᠪᠠ᠃

               

               ᠲᠦ᠋ᠯᠦᠭᠡᠯᠡᠭ᠍ᠴᠢ᠍ᠳ ᠡᠴᠡ ᠬᠦᠷᠦᠭ᠍ᠰᠡᠨ ᠭᠠᠵᠠᠷ ᠪᠤᠯᠭᠠᠨ ᠳᠤ᠂ ᠲᠤᠬᠠᠢ ᠶᠢᠨ ᠭᠠᠵᠠᠷ ᠤᠷᠤᠨ ᠤ ᠲᠡᠷᠢ᠍ᠬᠦᠨ ᠦ ᠠᠷᠭ᠎ᠠ ᠲᠤᠷᠰᠢ᠍ᠯᠭ᠎ᠠ᠂ ᠤᠯᠤᠭᠰᠠᠨ ᠬᠢᠷᠢ ᠪᠦᠲᠦᠮᠵᠢ ᠵᠢᠴᠢ ᠤᠯᠠᠨ ᠲᠦ᠋ᠮᠡᠨ ᠦ ᠦᠨᠡᠯᠡᠯᠳ᠋ᠡ ᠶᠢ ᠨᠠᠷᠢ᠍ᠯᠢ᠍ᠭ ᠤᠢ᠌ᠯᠠᠭᠠᠭᠰᠠᠨ ᠪᠠᠢ᠌ᠨ᠎ᠠ᠃ ᠪᠠᠢ᠌ᠴᠠᠭᠠᠨ ᠰᠤᠳ᠋ᠤᠯᠤᠯᠳ᠋ᠡ ᠳᠠᠭᠤᠰᠤᠭᠰᠠᠨ ᠤ ᠳᠠᠷᠠᠭ᠎ᠠ᠂ ᠵᠢᠷᠦᠭᠡ ᠪᠠᠯᠭᠠᠰᠤ ᠶᠢᠨ ᠨᠠᠮ ᠤᠨ ᠬᠤᠷᠢ᠍ᠶ᠎ᠠ᠂ ᠵᠠᠰᠠᠭ ᠤᠨ ᠤᠷᠳ᠋ᠤᠨ ᠡᠴᠡ ᠴᠠᠭ ᠲᠤᠬᠠᠢ ᠳᠤ ᠨᠢ ᠬᠤᠷᠠᠯ ᠬᠤᠷᠠᠯᠳ᠋ᠤᠭᠤᠯᠵᠤ᠂ ᠵᠢᠷᠦᠭᠡ ᠪᠠᠯᠭᠠᠰᠤ ᠶᠢᠨ ᠭᠠᠴᠠᠭ᠎ᠠ ᠲᠤᠰᠬᠤᠨ ᠤ ᠤᠷᠴᠢ᠍ᠨ ᠲᠤᠭᠤᠷᠢ᠍ᠨ ᠤ ᠠᠷᠢ᠍ᠭᠤᠨ ᠴᠡᠪᠡᠷ ᠦᠨ ᠴᠡᠭ᠍ᠴᠡᠯᠡᠨ ᠵᠠᠰᠠᠯᠳ᠋ᠡ ᠪᠤᠯᠤᠨ ᠬᠦᠷᠢ᠌ᠶᠠᠨ ᠠᠵᠤ ᠠᠬᠤᠢ ᠶᠢ ᠬᠡᠷᠬᠢᠨ ᠰᠠᠢ᠌ᠳ᠋ᠦᠷ ᠬᠢᠬᠦ ᠲᠤᠬᠠᠢ ᠪᠠᠢ᠌ᠷᠢ᠍ᠯᠠᠭᠤᠯᠤᠯᠳ᠋ᠡ ᠬᠢᠭ᠍ᠰᠡᠨ ᠪᠠᠢ᠌ᠨ᠎ᠠ᠃ (ᠳᠠᠯᠠᠢ)


ᠡᠮᠦᠨᠡᠬᠢ᠄ ᠦᠨᠡᠭᠡᠴᠢ ᠰᠤᠮᠤ ᠠᠷᠠᠳ ᠤᠨ ᠲᠦᠯᠤᠭᠡᠯᠡᠭᠴᠢ ᠶᠢ ᠵᠤᠬᠢᠶᠠᠨ ᠪᠠᠢᠭᠤᠯᠵᠤ ᠰᠢ ᠵᠢᠨ ᠫᠢᠩ ᠶᠡᠷᠤᠩᠭᠡᠢ ᠱᠦᠵᠢ ᠶᠢᠨ《ᠬᠤᠶᠠᠷ ᠬᠤᠷᠠᠯ》᠋ ᠤᠨ ᠬᠤᠭᠤᠴᠠᠭᠠᠨ ᠤ ᠦᠪᠤᠷ ᠮᠤᠩᠭᠤᠯ ᠤᠨ ᠲᠦᠯᠤᠭᠡᠯᠡᠭᠴᠢ ᠶᠢᠨ ᠪᠦᠯᠬᠦᠮ ᠳᠤ ᠤᠷᠤᠯᠴᠠᠨ ᠬᠢᠨᠠᠨ ᠵᠦᠪᠯᠡᠬᠦ ᠦᠶ᠎ᠠ ᠶᠢᠨ ᠶᠠᠷᠢᠶᠠᠨ ᠤ ᠵᠤᠷᠢᠭ ᠰᠠᠨᠠᠭ᠎ᠠ ᠪᠤᠯᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠨᠨ
ᠳᠠᠷᠠᠭᠠᠬᠢ᠄ ᠰᠢ᠍ᠶᠠᠩᠱᠠᠨ ᠪᠠᠯᠭᠠᠰᠤ ᠶᠢᠨ ᠠᠷᠠᠳ ᠤᠨ ᠲᠦ᠋ᠯᠦᠭᠡᠯᠡᠭ᠍ᠴᠢ᠍ᠳ ᠡᠴᠡ ᠬᠠᠤᠯᠢ ᠲᠦ᠋ᠭᠡᠮᠡᠯᠵᠢ᠍ᠬᠦᠯᠬᠦ ᠤᠬᠠᠭᠤᠯᠭ᠎ᠠ ᠶᠢᠨ ᠬᠦᠳ᠋ᠡᠯᠭᠡᠭᠡᠨ ᠳᠤ ᠤᠷᠤᠯᠴᠠᠭᠰᠠᠨ ᠨᠢ