2019 ᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢᠨ ᠰᠠᠨᠠᠭᠤᠯᠭ᠎ᠠ ᠵᠦᠪᠯᠡᠯᠭᠡ ᠶᠢ ᠲᠤᠰᠢᠶᠠᠨ ᠰᠢᠢᠳᠪᠤᠷᠢᠯᠡᠬᠦ ᠬᠤᠷᠠᠯ ᠬᠤᠷᠠᠯᠳᠤᠭᠰᠠᠨ ᠨᠢ
4 ᠰᠠᠷ᠎ᠠ ᠶᠢᠨ 30᠋ ᠤ ᠡᠳᠤᠷ᠂2019 ᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢᠨ ᠰᠠᠨᠠᠭᠤᠯᠭ᠎ᠠ ᠵᠦᠪᠯᠡᠯᠭᠡ ᠶᠢ ᠲᠤᠰᠢᠶᠠᠨ ᠰᠢᠢᠳᠪᠤᠷᠢᠯᠡᠬᠦ ᠬᠤᠷᠠᠯ ᠬᠤᠷᠠᠯᠳᠤᠭᠰᠠᠨ ᠪᠠᠢᠨ᠎ᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠢᠩᠭᠤ ᠶᠢᠨ ᠭᠡᠰᠢᠬᠦᠨ᠂ ᠬᠤᠰᠢᠭᠤᠨ ᠲᠠᠳ᠋ ᠲᠠᠷᠤᠭ᠎ᠠ ᠵᠢᠶᠨ ᠢᠤᠢ ᠹᠸᠩ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠡᠤ ᠰᠢᠶᠤᠤ ᠬᠤᠷᠠᠯ ᠳᠤ ᠰᠠᠭᠠᠳᠠᠪᠠ᠃ ᠡᠯ᠎ᠠ ᠬᠠᠷᠢᠭᠤᠴᠠᠨ ᠰᠢᠢᠳᠪᠤᠷᠢᠯᠡᠬᠦ ᠪᠠᠢᠭᠤᠯᠭ᠎ᠠ᠂ ᠬᠠᠮᠵᠢᠯᠴᠠᠬᠤ ᠪᠠᠢᠭᠤᠯᠭ᠎ᠠ᠂ᠡᠯ᠎ᠠ ᠰᠤᠮᠤ ᠪᠠᠯᠭᠠᠰᠤ ᠲᠠᠯᠠᠪᠠᠢ᠂ ᠯᠦᠪᠸᠢ ᠵᠡᠭᠡᠯᠢ ᠭᠤᠳᠤᠮᠵᠢ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠠᠮᠢᠶ᠎ᠠ ᠪᠦᠬᠦᠢ ᠵᠦᠪᠯᠡᠯ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃



ᠵᠢᠶᠨ ᠢᠤᠢ ᠹᠸᠩ ᠬᠤᠷᠠᠯ ᠲᠠᠭᠡᠷ᠎ᠠ ᠶᠠᠷᠢᠭᠰᠠᠨ ᠨᠢ᠂ ᠤᠢᠷ᠎ᠠ ᠵᠢᠨ ᠵᠢᠯ ᠡᠴᠨ ᠨᠠᠰᠢ᠂ ᠬᠤᠰᠢᠭᠤᠨ ᠤ ᠵᠠᠰᠠᠭ ᠤᠨ ᠤᠷᠳᠤᠨ ᠪᠤᠯᠤᠨ ᠡᠯ᠎ᠠ ᠬᠠᠮᠢᠶ᠎ᠠ ᠪᠦᠬᠦᠢ ᠪᠠᠢᠭᠤᠯᠭ᠎ᠠ ᠲᠦᠯᠤᠭᠡᠯᠡᠭᠴᠢ ᠶᠢᠨ ᠰᠠᠨᠠᠭᠤᠯᠭ᠎ᠠ ᠵᠦᠪᠯᠡᠯᠭᠡ ᠶᠢ ᠰᠢᠢᠳᠪᠤᠷᠢᠯᠡᠬᠦ ᠠᠵᠢᠯ ᠢ ᠶᠡᠭᠡᠪᠡᠷ ᠬᠦᠨᠳᠤᠳᠭᠡᠨ ᠦᠵᠡᠵᠤ᠂ ᠨᠢᠭᠳᠠ ᠬᠠᠮᠵᠢᠯᠴᠠᠨ᠂ ᠲᠦᠯᠤᠭᠡᠯᠡᠭᠴᠢ ᠶᠢᠨ ᠰᠠᠨᠠᠯ ᠢ ᠬᠦᠢᠴᠡᠳ ᠬᠦᠯᠢᠶᠠᠨ ᠠᠪᠴᠤ᠂ ᠬᠠᠮᠢᠶ᠎ᠠ ᠪᠦᠬᠦᠢ ᠠᠰᠠᠭᠤᠳᠠᠯ ᠢ ᠰᠢᠢᠳᠪᠤᠷᠢᠯᠡᠬᠦ ᠶᠢ ᠬᠦᠴᠤᠳᠠᠢ ᠲᠦᠯᠬᠢᠨ ᠠᠬᠢᠭᠤᠯᠵᠤ᠂ ᠨᠡᠯᠢᠶᠡᠳ ᠰᠠᠢᠨ ᠦᠷ᠎ᠠ ᠪᠦᠳᠤᠮᠵᠢ ᠤᠯᠤᠭᠰᠨᠨ ᠪᠠᠢᠨ᠎ᠠ᠃ ᠵᠢᠶᠨ ᠢᠤᠢ ᠹᠸᠩ ᠵᠢᠭᠠᠵᠤ ᠭᠠᠷᠭᠠᠭᠰᠠᠨ ᠨᠢ᠂ ᠡᠯ᠎ᠠ ᠬᠠᠷᠢᠭᠤᠴᠠᠨ ᠰᠢᠢᠳᠪᠤᠷᠢᠯᠡᠬᠦ ᠪᠠᠢᠭᠤᠯᠭ᠎ᠠ ᠠᠷᠠᠳ ᠤᠨ ᠲᠦᠯᠤᠭᠡᠯᠡᠭᠴᠢ ᠶᠢᠨ ᠲᠤᠷᠠᠳᠤᠭᠰᠠᠨ ᠰᠠᠨᠠᠭᠤᠯᠭ᠎ᠠ ᠶᠢ ᠪᠤᠰᠢᠭᠤ ᠱᠠᠯᠠᠮᠠᠭᠠᠢ ᠰᠢᠢᠳᠪᠤᠷᠢᠯᠡᠵᠤ᠂ ᠤᠳᠠᠭᠠᠰᠢᠷᠠᠭᠤᠯᠵᠤ ᠪᠤᠯᠬᠤ ᠦᠭᠡᠢ᠃ ᠨᠦᠬᠦᠴᠡᠯ ᠡᠬᠦᠳᠤᠨ ᠲᠠᠷᠠᠭᠠᠴᠢ ᠶᠢᠨ ᠠᠯᠬᠤᠮ ᠳᠤ ᠰᠢᠢᠳᠪᠤᠷᠢᠯᠡᠬᠦ ᠴᠢᠬᠤᠯᠠᠳᠠᠢ ᠠᠰᠠᠭᠤᠳᠠᠯ ᠳᠤ᠂ᠲᠦᠯᠤᠪᠯᠡᠭᠡ ᠲᠤᠭᠳᠠᠭᠠᠵᠤ᠂ ᠲᠦᠰᠤᠯ ᠭᠠᠷᠭᠠᠨ᠂ ᠠᠯᠬᠤᠮ ᠬᠤᠪᠢᠶᠠᠨ ᠭᠡᠷᠡᠭᠵᠢᠬᠦᠯᠬᠦ ᠶᠢᠨ ᠬᠠᠮᠳᠤ᠂ᠠᠬᠢᠴᠨ ᠶᠢᠨ ᠪᠠᠢᠳᠠᠯ ᠶᠢᠠᠨ ᠴᠠᠭ ᠲᠤᠬᠠᠢ ᠳᠤᠨᠢ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠳᠤ ᠮᠡᠳᠡᠬᠦᠯᠬᠦ ᠭᠡᠷᠡᠭᠳᠡᠢ᠃ ᠨᠦᠬᠦᠴᠡᠯ ᠤᠨ ᠬᠢᠵᠠᠭᠠᠷᠯᠠᠯ ᠪᠤᠶᠤ ᠪᠤᠰᠤᠤᠨ ᠰᠢᠯᠳᠠᠭᠠᠨ ᠡᠴᠨ ᠪᠤᠯᠵᠤ ᠭᠡᠰᠡᠭ ᠬᠤᠭᠤᠴᠠᠭᠠᠨ ᠳᠤ ᠦᠨᠡᠨᠬᠦ ᠰᠢᠢᠳᠪᠤᠷᠢᠯᠡᠵᠤ ᠲᠠᠢᠯᠬᠦ ᠦᠭᠡᠢ ᠠᠰᠠᠭᠤᠳᠠᠯ ᠢ ᠦᠨᠡᠨ ᠪᠤᠳᠠᠳᠠᠢ ᠪᠡᠷ ᠨᠢ ᠲᠦᠯᠤᠭᠡᠯᠡᠭᠴᠢ ᠳᠤ ᠲᠤᠳᠤᠷᠬᠠᠢᠯᠨᠨ ᠲᠠᠢᠯᠪᠤᠷᠢᠯᠠᠵᠤ ᠦᠭᠬᠦᠨ᠂ᠲᠦᠯᠤᠭᠡᠯᠡᠭᠴᠢ ᠶᠢᠨ ᠤᠢᠯᠠᠭᠠᠯᠳᠠ ᠪᠤᠯᠤᠨ ᠲᠠᠮᠵᠢᠯᠭᠡ ᠶᠢ ᠤᠯᠬᠤ ᠭᠡᠷᠡᠭᠳᠡᠢ᠃ ᠬᠤᠰᠢᠭᠤᠨ ᠤ ᠵᠠᠰᠠᠭ ᠤᠨ ᠤᠷᠳᠤᠨ ᠡᠴᠨ ᠬᠢᠨᠠᠨ ᠰᠢᠢᠳᠪᠤᠷᠢᠯᠡᠬᠦ ᠭᠡᠯᠪᠡᠷᠢ ᠶᠢ ᠦᠷᠬᠦᠯᠵᠢᠯᠠᠨ ᠬᠠᠢᠨ ᠰᠦᠪᠡᠭᠴᠢᠯᠡᠵᠤ ᠰᠢᠨ᠎ᠠ ᠶᠢ ᠡᠬᠦᠳᠴᠤ᠂ ᠲᠤᠬᠢᠳᠠᠢ ᠴᠠᠭ ᠲᠤ ᠰᠢᠢᠳᠪᠤᠷᠢᠯᠡᠭᠰᠨᠨ ᠠᠵᠢᠯ ᠤᠨ ᠬᠠᠷᠢᠭᠤ ᠮᠡᠳᠡᠬᠦᠯᠤᠯᠳᠠ ᠶᠢ ᠰᠤᠨᠤᠰᠤᠨ᠂ᠰᠢᠢᠳᠪᠤᠷᠢᠯᠡᠭᠰᠨᠨ ᠠᠵᠢᠯ ᠤᠨ ᠪᠠᠢᠳᠠᠯ ᠢ ᠴᠠᠭ ᠲᠤᠬᠠᠢ ᠳᠤᠨᠢ ᠨᠡᠢᠳᠠᠯᠠᠵᠤ᠂ ᠲᠦᠯᠤᠭᠡᠯᠡᠭᠴᠢ ᠶᠢᠨ ᠰᠠᠨᠠᠭᠤᠯᠭ᠎ᠠ ᠵᠦᠪᠯᠡᠯᠭᠡ ᠶᠢ ᠰᠢᠢᠳᠪᠤᠷᠢᠯᠡᠬᠦ ᠠᠵᠢᠯ ᠤᠨ ᠬᠢᠨᠠᠨ ᠰᠢᠢᠳᠪᠤᠷᠢᠯᠡᠬᠦ ᠬᠦᠴᠤᠯᠡᠴᠨ ᠶᠢ ᠨᠡᠮᠡᠭᠳᠡᠬᠦᠯᠤᠨ᠂ᠭᠤᠤᠯᠳᠠᠯᠭ᠎ᠠ ᠲᠠᠢ ᠰᠠᠨᠠᠭᠤᠯᠭ᠎ᠠ ᠶᠢ ᠭᠤᠤᠯᠳᠠᠯᠭ᠎ᠠ ᠲᠠᠢ ᠬᠢᠨᠠᠨ ᠰᠢᠢᠳᠪᠤᠷᠢᠯᠡᠬᠦ ᠪᠠ ᠱᠠᠭᠠᠷᠳᠠᠨ ᠬᠦᠢᠴᠡᠳᠭᠡᠯᠭᠡᠬᠦ ᠪᠡᠷ ᠲᠠᠮᠵᠢᠨ᠂ ᠪᠦᠬᠦᠢᠯᠨ ᠰᠢᠢᠳᠪᠤᠷᠢᠯᠡᠬᠦ ᠠᠵᠢᠯ ᠤᠨ ᠪᠦᠬᠦ ᠲᠠᠯ᠎ᠠ ᠶᠢᠨ ᠦᠨᠳᠤᠷ ᠠᠰᠢᠭᠳᠠᠢ ᠶᠠᠪᠤᠭᠳᠠᠬᠤ ᠶᠢ ᠲᠦᠯᠬᠢᠨ ᠠᠬᠢᠭᠤᠯᠵᠤ᠂ᠰᠢᠢᠳᠪᠤᠷᠢᠯᠡᠬᠦ ᠦᠷ᠎ᠠ ᠠᠰᠢᠭ ᠪᠤᠯᠤᠨ ᠪᠤᠳᠠᠳᠤ ᠪᠦᠳᠤᠮᠵᠢ ᠶᠢ ᠦᠨᠡᠨᠬᠦ ᠲᠠᠭᠡᠭᠰᠢᠯᠡᠬᠦᠯᠬᠦ ᠭᠡᠷᠡᠭᠳᠡᠢ ᠭᠡᠵᠡᠢ᠃

ᠡᠤ ᠰᠢᠶᠤᠤ ᠭᠡᠯᠡᠭᠰᠨᠨ ᠨᠢ᠂ ᠡᠯ᠎ᠠ ᠬᠠᠷᠢᠭᠤᠴᠠᠨ ᠰᠢᠢᠳᠪᠤᠷᠢᠯᠡᠬᠦ ᠪᠠᠢᠭᠤᠯᠭ᠎ᠠ ᠪᠤᠯᠤᠨ ᠬᠠᠮᠵᠢᠯᠴᠠᠬᠤ ᠪᠠᠢᠭᠤᠯᠭ᠎ᠠ ᠨᠠᠷᠢᠨ ᠬᠢᠨᠠᠮᠠᠭᠠᠢ ᠬᠠᠷᠢᠭᠤᠴᠠᠵᠤ᠂ ᠢᠳᠡᠪᠬᠢᠳᠠᠢ ᠬᠦᠳᠡᠯᠤᠯᠴᠠᠨ᠂ ᠪᠤᠳᠠᠳᠤ ᠪᠦᠳᠤᠮᠵᠢ ᠶᠢ ᠴᠢᠬᠤᠯᠠᠴᠢᠯᠨᠵᠤ᠂ ᠴᠠᠭ ᠲᠤᠬᠠᠢ ᠳᠤᠨᠢ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠦᠯᠤᠭᠡᠯᠡᠭᠴᠢ ᠶᠢᠨ ᠠᠵᠢᠯ ᠤᠨ ᠪᠠᠢᠭᠤᠯᠤᠮᠵᠢ ᠪᠤᠯᠤᠨ ᠰᠠᠨᠠᠭᠤᠯᠭ᠎ᠠ ᠲᠤᠷᠠᠳᠤᠭᠰᠨᠨ ᠲᠦᠯᠤᠭᠡᠯᠡᠭᠴᠢ ᠳᠤ ᠪᠢᠴᠢᠭ᠌ ᠤᠨ ᠭᠡᠯᠪᠡᠷᠢ ᠪᠡᠷ ᠬᠠᠮᠢᠶ᠎ᠠ ᠪᠦᠬᠦᠢ ᠪᠠᠢᠳᠠᠯ ᠢ ᠮᠡᠳᠡᠭᠳᠡᠬᠦ ᠭᠡᠷᠡᠭᠳᠡᠢ᠃ ᠬᠠᠤᠯᠢ ᠴᠠᠭᠠᠵᠨ ᠲᠦᠷᠢᠮ ᠲᠤᠭᠳᠠᠭᠠᠯ ᠢ ᠴᠢᠩᠭ᠍᠎ᠠ ᠰᠠᠬᠢᠵᠤ᠂ ᠴᠠᠭ ᠲᠤᠬᠠᠢ ᠳᠤᠨᠢ ᠰᠢᠢᠳᠪᠤᠷᠢᠯᠡᠬᠦ ᠭᠡᠷᠡᠭᠳᠡᠢ᠃ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠴᠢᠩᠭᠠᠷᠠᠭᠤᠯᠤᠨ᠂ ᠪᠦᠳᠤᠮᠵᠢᠳᠠᠢ ᠠᠷᠭ᠎ᠠ ᠠᠪᠴᠠᠯ ᠢ ᠠᠪᠴᠤ᠂ ᠦᠨᠤ ᠵᠢᠯ ᠤᠨ ᠲᠦᠯᠤᠭᠡᠯᠡᠭᠴᠢ ᠶᠢᠨ ᠲᠤᠷᠠᠳᠤᠭᠰᠨᠨ ᠰᠠᠨᠠᠭᠤᠯᠭ᠎ᠠ᠂ ᠵᠦᠪᠯᠡᠯᠭᠡ᠂ ᠰᠢᠬᠦᠮᠵᠢᠯᠡᠯ ᠪᠤᠯᠤᠨ ᠰᠠᠨᠠᠯ ᠢ ᠰᠢᠢᠳᠪᠤᠷᠢᠯᠡᠬᠦ ᠠᠵᠢᠯ ᠢ ᠤᠯᠠᠮ ᠨᠢᠭᠡ ᠠᠯᠬᠤᠮ ᠰᠠᠢᠳᠤᠷ ᠬᠢᠵᠤ᠂ ᠮᠠᠨ ᠤ ᠬᠤᠰᠢᠭᠤᠨ ᠤ ᠰᠠᠨᠠᠭᠤᠯᠭ᠎ᠠ ᠵᠦᠪᠯᠡᠯᠭᠡ ᠶᠢᠨ ᠰᠢᠢᠳᠪᠤᠷᠢᠯᠡᠬᠦ ᠠᠵᠢᠯ ᠢ ᠰᠢᠨ᠎ᠡ ᠨᠢᠭᠡᠨ ᠬᠢᠷᠢ ᠲᠦᠪᠰᠢᠨ ᠳᠤ ᠴᠢᠷᠮᠠᠢᠨ ᠲᠠᠭᠡᠭᠰᠢᠯᠡᠬᠦᠯᠬᠦ ᠭᠡᠷᠡᠭᠳᠡᠢ ᠭᠡᠵᠡᠢ᠃