ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠡᠴᠨ ᠪᠦᠬᠦ ᠬᠤᠰᠢᠭᠤᠨ ᠤ ᠤᠢᠷ᠎ᠠ ᠶᠢᠨ ᠬᠤᠭᠤᠴᠠᠭᠠᠨ ᠤ ᠴᠢᠬᠤᠯᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠨᠨ ᠨᠢ
4 ᠰᠠᠷ᠎ᠠ ᠶᠢᠨ 26᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠡᠴᠨ ᠲᠤᠰᠬᠠᠢ ᠰᠡᠳᠤᠪᠳᠤ ᠬᠤᠷᠠᠯ ᠬᠤᠷᠠᠯᠳᠤᠭᠤᠯᠵᠤ᠂ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠰᠠᠬᠢᠯᠭ᠎ᠠ ᠪᠠᠳᠤ ᠪᠠᠢᠴᠠᠭᠠᠬᠤ ᠬᠤᠷᠢᠶᠠᠨ ᠤ ᠲᠦᠷᠪᠡᠳᠤᠭᠡᠷ ᠤᠳᠠᠭᠠᠨ ᠤ ᠪᠦᠬᠦ ᠬᠤᠷᠠᠯ ᠪᠤᠯᠤᠨ ᠪᠦᠬᠦ ᠬᠤᠰᠢᠭᠤᠨ ᠤ ᠶᠠᠳᠠᠭᠤ ᠶᠢ ᠲᠠᠳᠬᠦᠬᠦ ᠨᠡᠭᠡᠭᠡᠨ ᠬᠦᠭᠵᠢᠬᠦᠯᠬᠦ ᠬᠦᠳᠡᠭᠡ ᠲᠤᠰᠬᠤᠨ ᠮᠠᠯᠵᠢᠬᠤ ᠤᠷᠤᠨ ᠵᠢᠴᠢ ᠤᠷᠤᠨ ᠰᠠᠭᠤᠴᠨ ᠶᠢᠨ ᠤᠷᠴᠢᠨ ᠲᠤᠭᠤᠷᠢᠨ ᠢ ᠴᠡᠭᠴᠡᠯᠨᠨ ᠵᠠᠰᠠᠬᠤ ᠠᠵᠢᠯ ᠤᠨ ᠬᠤᠷᠠᠯ ᠲᠠᠭᠡᠷᠡᠭᠢ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠨᠨ ᠪᠠᠢᠨ᠎ᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠤᠨ ᠱᠦᠵᠢ ᠯᠢ ᠴᠸᠩ ᠬᠦᠸᠸ ᠬᠤᠷᠠᠯ ᠡᠷᠬᠢᠯᠡᠵᠤ᠂ ᠪᠦᠬᠦ ᠺᠠᠳ᠋ᠷ ᠠᠵᠢᠯᠳᠠᠨ ᠬᠤᠷᠠᠯ ᠳᠤ ᠤᠷᠤᠯᠴᠠᠪᠠ᠃

ᠬᠤᠷᠠᠯ ᠡᠴᠨ ᠵᠢᠭᠠᠵᠤ ᠭᠠᠷᠭᠠᠭᠰᠨᠨ ᠨᠢ᠂ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠰᠠᠬᠢᠯᠭ᠎ᠠ ᠪᠠᠳᠤ ᠪᠠᠢᠴᠠᠭᠠᠬᠤ ᠬᠤᠷᠢᠶ᠎ᠠ ᠶᠢᠨ ᠲᠦᠷᠪᠡᠳᠤᠭᠡᠷ ᠤᠳᠠᠭᠠᠨ ᠤ ᠪᠦᠬᠦ ᠬᠤᠷᠠᠯ ᠪᠤᠯ ᠪᠦᠬᠦ ᠬᠤᠰᠢᠭᠤᠨ ᠪᠡᠷ ᠶᠢᠠᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠬᠤ ᠶᠢ ᠲᠤᠭᠤᠰᠢᠯᠠᠭᠤᠯᠵᠤ᠂ ᠨᠠᠮ ᠢ ᠪᠦᠬᠦ ᠲᠠᠯ᠎ᠠ ᠪᠡᠷ ᠴᠢᠩᠭ᠎ᠠ ᠵᠠᠰᠠᠬᠤ ᠶᠢ ᠭᠤᠢᠪᠢᠰᠢ ᠦᠭᠡᠢ ᠲᠦᠯᠬᠢᠨ ᠠᠬᠢᠭᠤᠯᠬᠤ ᠰᠢᠨ᠎ᠡ ᠪᠠᠢᠳᠠᠯ ᠲᠤᠤᠷ᠎ᠠ ᠬᠤᠷᠠᠯᠳᠤᠭᠤᠯᠤᠭᠰᠨᠨ ᠨᠢᠭᠡᠨ ᠤᠳᠠᠭᠠᠨ ᠤ ᠴᠢᠬᠤᠯᠨ ᠬᠤᠷᠠᠯ ᠪᠤᠯᠤᠨ᠎ᠡ᠃ ᠪᠦᠬᠦ ᠬᠤᠷᠠᠯ ᠨᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠬᠤᠢᠰᠢᠳᠠ ᠶᠢᠨ ᠨᠠᠮ ᠤᠨ ᠰᠤᠷᠳᠠᠯ ᠪᠠ ᠠᠷᠢᠭᠤᠨ ᠴᠢᠭᠡᠴᠢ ᠪᠡᠷ ᠵᠠᠰᠠᠭ ᠪᠠᠷᠢᠬᠤ ᠪᠦᠳᠤᠭᠡᠨ ᠪᠠᠢᠭᠤᠯᠤᠯᠳᠠ ᠪᠤᠯᠤᠨ ᠢᠯᠵᠠᠷᠠᠮᠠᠯ ᠢ ᠡᠰᠡᠷᠬᠦᠴᠡᠬᠦ ᠠᠵᠢᠯ ᠳᠤ ᠦᠨᠳᠤᠰᠤᠨ ᠵᠢᠷᠤᠮᠯᠠᠯ ᠢ ᠲᠤᠷᠠᠳᠴᠤ᠂ ᠠᠵᠢᠯ ᠤᠨ ᠴᠢᠭᠯᠡᠯ ᠢ ᠵᠢᠭᠠᠭᠰᠨᠨ ᠪᠠᠢᠨ᠎ᠡ᠃

ᠬᠤᠷᠠᠯ ᠡᠴᠨ ᠱᠠᠭᠠᠷᠳᠠᠭᠰᠨᠨ ᠨᠢ᠂ ᠪᠠᠢᠭᠤᠯᠭ᠎ᠠ ᠶᠢᠨ ᠪᠦᠬᠦ ᠨᠠᠮ ᠤᠨ ᠭᠡᠰᠢᠬᠦᠨ ᠺᠠᠳ᠋ᠷ ᠪᠦᠬᠦ ᠬᠤᠷᠠᠯ ᠤᠨ ᠵᠤᠷᠢᠭ ᠰᠠᠨᠠᠭ᠎ᠠ ᠶᠢ ᠨᠢᠭᠡ ᠵᠤᠢᠯ ᠤᠨ ᠴᠢᠬᠤᠯᠨ ᠤᠯᠤᠰ ᠲᠦᠷᠤ ᠶᠢᠨ ᠡᠬᠦᠷᠭᠡ ᠪᠤᠯᠭᠠᠨ ᠦᠵᠡᠵᠤ᠂ ᠨᠠᠷᠢᠨ ᠬᠢᠨᠠᠮᠠᠭᠠᠢ ᠰᠤᠷᠤᠯᠴᠠᠨ ᠤᠢᠯᠠᠭᠠᠨ᠂ ᠭᠤᠢᠪᠢᠰᠢ ᠦᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠭᠡᠷᠡᠭᠳᠡᠢ᠃ ᠨᠠᠮ ᠤᠨ ᠤᠯᠤᠰ ᠲᠦᠷᠤ ᠶᠢᠨ ᠪᠦᠳᠤᠭᠡᠨ ᠪᠠᠢᠭᠤᠯᠤᠯᠳᠠ ᠂ ᠨᠠᠮ ᠤᠨ ᠰᠤᠷᠳᠠᠯ ᠪᠠ ᠠᠷᠢᠭᠤᠨ ᠴᠢᠭᠡᠴᠢ ᠪᠡᠷ ᠵᠠᠰᠠᠬᠤ ᠪᠠᠷᠢᠬᠤ ᠪᠦᠳᠤᠭᠡᠨ ᠪᠠᠢᠭᠤᠯᠤᠯᠳᠠ᠂ ᠪᠠᠢᠭᠤᠯᠭ᠎ᠠ ᠶᠢᠨ ᠤᠪᠤᠷ ᠰᠤᠷᠳᠠᠯ ᠤᠨ ᠪᠦᠳᠤᠭᠡᠨ ᠪᠠᠢᠭᠤᠯᠤᠯᠳᠠ ᠶᠢ ᠤᠯᠠᠮ ᠨᠢᠭᠡ ᠠᠯᠬᠤᠮ ᠰᠠᠢᠳᠤᠷ ᠠᠳᠬᠤᠬᠤ ᠭᠡᠷᠡᠭᠳᠡᠢ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠺᠠᠳ᠋ᠷ ᠡᠴᠨ ᠰᠢ ᠵᠢᠨ ᠫᠢᠩ ᠶᠡᠷᠤᠩᠭᠡᠢ ᠱᠦᠵᠢ ᠶᠢᠨ《ᠭᠤᠷᠪᠠᠨ ᠲᠠᠷᠢᠶᠠᠯᠠᠩ》᠋ ᠤᠨ ᠠᠵᠢᠯ ᠤᠨ ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠤᠢᠯᠠᠭᠠᠨ ᠡᠵᠡᠮᠰᠢᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠬᠦᠳᠡᠭᠡ ᠲᠤᠰᠬᠤᠨ ᠮᠠᠯᠵᠢᠬᠤ ᠤᠷᠤᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠠᠢᠳᠤᠷ ᠨᠠᠢᠳᠠᠪᠤᠷᠢᠵᠢᠭᠤᠯᠬᠤ ᠭᠡᠷᠡᠭᠳᠡᠢ᠃ ᠰᠢᠨ᠎ᠡ ᠴᠠᠭ ᠦᠶ᠎ᠡ ᠶᠢᠨ ᠬᠦᠳᠡᠭᠡ ᠲᠤᠰᠬᠤᠨ ᠮᠠᠯᠵᠢᠬᠤ ᠤᠷᠤᠨ ᠤ ᠠᠵᠢᠯ ᠤᠨ ᠴᠢᠬᠤᠯᠨ ᠠᠭᠤᠯᠭ᠎ᠠ ᠶᠢᠨ ᠬᠦᠨᠵᠡᠭᠡᠢ ᠲᠠᠨᠢᠵᠤ᠂《ᠭᠤᠷᠪᠠᠨ ᠲᠠᠷᠢᠶᠠᠯᠠᠬᠤ ᠭᠤᠷᠪᠠᠨ ᠮᠠᠯᠵᠢᠬᠤ》ᠠᠵᠢᠯ ᠤᠨ ᠬᠠᠷᠢᠭᠤᠴᠠᠯᠭᠠᠳᠤ ᠰᠡᠳᠭᠢᠯᠭᠡ ᠶᠢ ᠦᠨᠡᠨᠬᠦ ᠨᠡᠮᠡᠭᠳᠡᠬᠦᠯᠵᠤ ᠰᠠᠢᠳᠤᠷ ᠬᠢᠬᠦ ᠭᠡᠷᠡᠭᠳᠡᠢ᠃ ᠬᠦᠳᠡᠭᠡ ᠲᠤᠰᠬᠤᠨ ᠮᠠᠯᠵᠢᠬᠤ ᠤᠷᠤᠨ ᠤ ᠤᠷᠤᠨ ᠰᠠᠭᠤᠴᠨ ᠶᠢᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠴᠢᠬᠤᠯᠨ ᠴᠢᠨᠠᠷ ᠢ ᠬᠦᠨᠵᠡᠭᠡᠢ ᠤᠢᠯᠠᠭᠠᠨ ᠡᠵᠡᠮᠰᠢᠵᠤ᠂ᠰᠢᠨᠵᠢᠯᠡᠬᠦ ᠤᠬᠠᠭᠠᠨᠴᠢ ᠲᠦᠰᠤᠪᠯᠡᠭᠡ ᠶᠢ ᠬᠦᠨᠳᠤᠳᠭᠡᠨ᠂ ᠲᠦᠯᠤᠪᠵᠢᠬᠦᠯᠤᠨ ᠬᠦᠳᠤᠯᠤᠨ ᠲᠠᠭᠠᠭᠤᠯᠬᠤ ᠶᠢ ᠴᠢᠩᠭᠠᠷᠠᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠤᠷᠤᠨ ᠰᠠᠭᠤᠴᠨ ᠶᠢᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠶᠢ ᠡᠮᠬᠢ ᠲᠠᠷᠠᠭ᠎ᠠ ᠲᠠᠢ ᠲᠦᠯᠬᠢᠨ ᠠᠬᠢᠭᠤᠯᠬᠤ ᠭᠡᠷᠡᠭᠳᠡᠢ᠃ ᠠᠵᠢᠯ ᠤᠨ ᠨᠠᠢᠳᠠᠪᠤᠷᠢᠵᠢᠭᠤᠯᠤᠯᠳᠠ ᠶᠢ ᠬᠦᠨᠵᠡᠭᠡᠢ ᠤᠢᠯᠠᠭᠠᠨ ᠡᠵᠡᠮᠰᠢᠵᠤ ᠰᠠᠢᠳᠤᠷ ᠠᠳᠬᠤᠨ᠂ ᠲᠠᠭᠡᠳᠤ ᠭᠡᠮᠵᠢᠶᠠᠨ ᠤ ᠤᠯᠤᠰ ᠲᠦᠷᠤ ᠶᠢᠨ ᠬᠠᠷᠢᠭᠤᠴᠠᠯᠭᠠᠳᠤ ᠰᠡᠳᠬᠢᠯᠭᠡ᠂ ᠡᠬᠦᠷᠭᠡ ᠬᠠᠷᠢᠭᠤᠴᠠᠯᠭᠠᠳᠤ ᠰᠡᠳᠬᠢᠯᠭᠡ ᠪᠠ ᠡᠬᠦᠷᠭᠡᠯᠡᠬᠦ ᠵᠤᠷᠢᠭ ᠰᠠᠨᠠᠭ᠎ᠠ ᠪᠡᠷ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠺᠠᠳ᠋ᠷ ᠤᠨ ᠤᠢᠯᠡᠳᠤᠯ ᠢ ᠬᠦᠢᠴᠡᠳ ᠪᠠᠳᠠᠷᠠᠭᠤᠯᠵᠤ᠂《ᠭᠤᠷᠪᠠᠨ ᠲᠠᠷᠢᠶᠠᠯᠠᠬᠤ᠂ ᠭᠤᠷᠪᠠᠨ ᠮᠠᠯᠵᠢᠬᠤ》ᠠᠵᠢᠯ ᠳᠤ ᠬᠦᠴᠤᠨ ᠨᠠᠮᠡᠷᠢᠯᠡᠬᠦ ᠭᠡᠷᠡᠭᠳᠡᠢ ᠭᠡᠵᠡᠢ᠃