ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠵᠠᠷᠤᠳ ᠬᠤᠰᠢ᠍ᠭᠤᠨ ᠤ ᠮᠠᠯᠴᠢ᠍ᠨ ᠲᠠᠷᠢ᠍ᠶᠠᠴᠢ᠍ᠳ᠁
ᠵᠠᠷᠤᠳ ᠬᠤᠰᠢ᠍ᠭᠤᠨ ᠤ ᠮᠠᠯᠴᠢ᠍ᠨ ᠲᠠᠷᠢ᠍ᠶᠠᠴᠢ᠍ᠳ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠡᠴᠡ ᠪᠢᠯᠸᠲ ᠦᠭ᠍ᠴᠦ ᠪᠠᠳ᠋ᠤᠯᠠᠬᠤ ᠳᠦ᠋ᠷᠢ᠍ᠮ ᠤᠨ ᠦᠢ᠍ᠯᠡᠳ᠋ᠦᠯ ᠢ ᠬᠦᠢ᠍ᠴᠡᠳ ᠪᠠᠳ᠋ᠠᠷᠠᠭᠤᠯᠵᠤ ᠪᠠᠢ᠌ᠭ᠎ᠠ


                     

                  ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠡᠴᠡ ᠪᠢᠯᠸᠲ ᠦᠭ᠍ᠴᠦ ᠪᠠᠳ᠋ᠤᠯᠠᠬᠤ ᠲᠦ᠋ᠷᠢ᠍ᠮ ᠦᠨ ᠲᠤᠷᠰᠢ᠍ᠯᠳ᠋ᠡ ᠶᠢᠨ ᠴᠡᠭ᠌ ᠪᠤᠯᠤᠭᠰᠠᠨ ᠤ ᠬᠤᠪᠢ ᠳᠤ᠂ ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠡᠴᠡ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠡᠴᠡ ᠪᠢᠯᠸᠲ ᠦᠭ᠍ᠴᠦ ᠪᠠᠳ᠋ᠤᠯᠠᠬᠤ ᠳᠦ᠋ᠷᠢ᠍ᠮ ᠤᠨ ᠠᠵᠢ᠍ᠯ ᠢ ᠢᠳ᠋ᠡᠪᠬᠢᠳ᠋ᠡᠢ ᠲᠦ᠋ᠯᠬᠢᠨ ᠠᠬᠢᠭᠤᠯᠵᠤ᠂ ᠬᠤᠰᠢ᠍ᠭᠤᠨ ᠱᠠᠳ᠋ᠤ ᠵᠢᠴᠢ ᠲᠤᠷᠰᠢ᠍ᠯᠳ᠋ᠡ ᠶᠢᠨ ᠴᠡᠭ᠌ ᠦᠨ ᠰᠤᠮᠤ ᠪᠠᠯᠭᠠᠰᠤ ᠡᠴᠡ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠡᠴᠡ ᠪᠢᠯᠸᠲ ᠦᠭ᠍ᠴᠦ ᠪᠠᠳ᠋ᠤᠯᠠᠨ᠂ ᠰᠤᠩᠭ᠋ᠤᠬᠤ ᠡᠷᠬᠡ᠂ ᠲᠤᠭᠳ᠋ᠠᠭᠠᠨ ᠰᠢ᠌ᠳᠪᠦᠷᠢ᠍ᠯᠡᠬᠦ ᠡᠷᠬᠡ ᠪᠤᠯᠤᠨᠬᠢᠨᠠᠯᠳ᠋ᠡ ᠲᠠᠯᠪᠢᠬᠤ ᠡᠷᠬᠡ ᠶᠢ ᠠᠷᠠᠳ ᠤᠨ ᠲᠦ᠋ᠯᠦᠭᠡᠯᠡᠭ᠍ᠴᠢ᠍ᠳ ᠲᠤ ᠲᠤᠰᠢ᠍ᠶᠠᠨ ᠦᠭ᠍ᠴᠦ᠂ ᠤᠯᠡᠨ ᠲᠦ᠋ᠮᠡᠨ ᠦ ᠲᠦ᠋ᠯᠦᠭᠡ ᠡᠷᠬᠡ ᠮᠡᠳ᠋ᠡᠬᠦ ᠡᠴᠡ ᠤᠯᠡᠨ ᠲᠦ᠋ᠮᠡᠨ ᠡᠷᠬᠡ ᠮᠡᠳ᠋ᠡᠬᠦ ᠪᠤᠯᠤᠨ ᠬᠤᠪᠢᠷᠠᠭᠤᠯᠤᠭᠰᠠᠨ ᠪᠠᠢ᠌ᠨ᠎ᠠ᠃

                     

              ᠰᠢ᠍ᠶᠠᠩᠱᠠᠨ ᠪᠠᠯᠭᠠᠰᠤ ᠪᠤᠯ ᠪᠦᠬᠦ ᠬᠤᠰᠢ᠍ᠭᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠡᠴᠡ ᠪᠢᠯᠸᠲ ᠦᠭ᠍ᠴᠦ ᠪᠠᠲᠤᠯᠠᠬᠤ ᠳᠦ᠋ᠷᠢ᠍ᠮ ᠤᠨ ᠲᠤᠷᠰᠢ᠍ᠯᠳ᠋ᠡ ᠶᠢᠨ ᠴᠡᠭ᠌ ᠦᠨ ᠰᠤᠮᠤ ᠪᠠᠯᠭᠠᠰᠤ ᠶᠢᠨ ᠨᠢ᠍ᠭᠡ ᠪᠤᠯᠤᠨ᠎ᠠ᠃ ᠰᠢ᠍ᠶᠠᠩᠱᠠᠨ ᠪᠠᠯᠭᠠᠰᠤ ᠶᠢᠨ ᠨᠠᠮ ᠤᠨ ᠬᠤᠷᠢ᠍ᠶ᠎ᠠ ᠳᠡᠭᠡᠳ᠋ᠤ ᠬᠡᠮᠵᠢ᠍ᠶ᠎ᠠ ᠪᠡᠷ ᠴᠢ᠍ᠬᠤᠯᠠᠴᠢ᠍ᠯᠠᠨ ᠦᠵᠡᠵᠤ᠂ ᠲᠤᠰᠬᠠᠢ ᠰᠡᠳ᠋ᠦᠪᠳ᠋ᠤ ᠬᠤᠷᠠᠯ ᠢ ᠴᠠᠭ ᠲᠤᠬᠠᠢ ᠳᠤ ᠨᠢ ᠬᠤᠷᠠᠯᠳ᠋ᠤᠭᠤᠯᠤᠨ ᠪᠠᠢ᠌ᠷᠢ᠍ᠯᠠᠭᠤᠯᠤᠯᠳ᠋ᠡ ᠬᠢᠵᠤ᠂ ᠲᠤᠰᠬᠤᠨ ᠤ ᠪᠠᠢ᠌ᠳ᠋ᠠᠯ ᠠᠷᠠᠳ ᠤᠨ ᠰᠡᠳᠬᠢᠯ ᠢ ᠦᠷᠭᠡᠨ ᠳᠡᠯᠭᠡᠷᠡᠩᠭᠦᠢ ᠬᠤᠷᠠᠮᠳ᠋ᠤᠭᠤᠯᠤᠨ᠂ ᠠᠩᠬ᠎ᠠ ᠠᠯᠬᠤᠮ ᠰᠢ᠍ᠭ᠍ᠰᠢ᠍ᠨ ᠰᠤᠩᠭ᠋ᠤᠬᠤ ᠪᠡᠷ ᠳᠠᠮᠵᠢ᠍ᠵᠤ᠂ ᠭᠤᠷᠪᠠᠨ ᠲᠦ᠋ᠷᠦᠯ ᠦᠨ ᠵᠢᠱᠢ᠍ᠭ᠍ᠳ᠋ᠡᠭ᠍ᠰᠡᠨ ᠲᠦ᠋ᠷᠦᠯ ᠵᠦ᠋ᠢ᠍ᠯ ᠢ ᠲᠤᠭᠳ᠋ᠠᠭᠠᠨ᠂ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠳᠡᠭᠡᠷ᠎ᠠ ᠪᠢᠯᠸᠲ ᠦᠭ᠍ᠴᠦ ᠪᠠᠳ᠋ᠤᠯᠠᠬᠤ ᠪᠡᠷ ᠳᠠᠮᠵᠢ᠍ᠨ᠂ ᠬᠠᠮᠤᠭ ᠡᠴᠤᠰ ᠲᠤ ᠰᠢ᠍ᠶᠠᠩᠱᠠᠨ ᠲᠤᠰᠬᠤᠨ ᠤ ᠦᠶᠡᠷ ᠢ ᠰᠡᠷᠭᠡᠢ᠌ᠯᠡᠬᠦ ᠰᠤᠪᠠᠭ ᠢ ᠦᠭᠡᠷᠡᠴᠢ᠍ᠯᠡᠨ ᠵᠠᠰᠠᠬᠤ ᠪᠠ ᠡᠤ ᠳ᠋ᠤᠸᠠᠨ ᠳ᠋ᠢ ᠶᠢᠨ ᠤᠰᠤᠨ ᠵᠤᠭᠤᠷᠢ ᠶᠢ ᠦᠨᠦ ᠵᠢᠯ ᠦᠨ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠪᠡᠷ ᠲᠤᠭᠳ᠋ᠠᠭᠠᠭᠰᠠᠨ ᠪᠠᠢ᠌ᠨ᠎ᠠ᠃

                   

              ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠡᠴᠡ ᠪᠢᠯᠸᠲ ᠦᠭ᠍ᠴᠦ ᠪᠠᠳ᠋ᠤᠯᠠᠬᠤ ᠲᠦ᠋ᠷᠢ᠍ᠮᠪᠤᠯ ᠦᠨᠳ᠋ᠦᠰᠦᠨ ᠱᠠᠳ᠋ᠤᠨ ᠤ ᠠᠷᠠᠳᠴᠢ᠍ᠯᠠᠯᠳ᠋ᠤ ᠤᠯᠤᠰ ᠲᠦ᠋ᠷᠦ ᠶᠢᠨ ᠪᠦᠲᠦᠭᠡᠨ ᠪᠠᠢ᠌ᠭᠤᠯᠤᠯᠳ᠋ᠡ ᠶᠢ ᠴᠢ᠍ᠩᠭ᠋ᠠᠳᠬᠠᠨ᠂ ᠠᠷᠠᠳ ᠤᠨ ᠲᠦ᠋ᠯᠦᠭᠡᠯᠡᠭ᠍ᠴᠢ᠍ᠳ ᠦᠨ ᠬᠦᠳ᠋ᠡᠯᠭᠡᠭᠡᠨ ᠢ ᠪᠠᠶᠠᠯᠢ᠍ᠭᠵᠢ᠍ᠭᠤᠯᠬᠤ ᠪᠦᠲᠦᠮᠵᠢ᠍ᠳ᠋ᠡᠢ ᠬᠡᠯᠪᠡᠷᠢ ᠪᠠᠢ᠌ᠵᠤ᠂ ᠤᠷᠤᠯᠴᠠᠬᠤ ᠡᠷᠬᠡ ᠶᠠᠷᠢ᠍ᠯᠴᠠᠬᠤ ᠡᠷᠬᠡ ᠰᠡᠳ᠋ᠦᠵᠤ ᠲᠦ᠋ᠯᠦᠪᠵᠢ᠍ᠬᠦᠯᠬᠦ ᠡᠷᠬᠡ ᠶᠢ ᠤᠯᠠᠨ ᠲᠦ᠋ᠮᠡᠨ ᠳᠤ ᠵᠢᠩᠬᠢᠨᠢ ᠪᠡᠷ ᠲᠤᠰᠢ᠍ᠶᠠᠨ ᠦᠭ᠍ᠴᠦ᠂ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠡᠴᠡ ᠪᠢᠯᠸᠲ ᠦᠭ᠍ᠴᠦ ᠪᠠᠳ᠋ᠤᠯᠠᠬᠤ ᠲᠦ᠋ᠷᠢ᠍ᠮ ᠦᠨ ᠦᠨᠡᠨᠬᠦ ᠮᠠᠯᠴᠢ᠍ᠨ ᠲᠠᠷᠢ᠍ᠶᠠᠴᠢ᠍ᠨ ᠤ ᠬᠦᠰᠡᠯ ᠰᠠᠨᠠᠭᠠᠨ ᠤ ᠰᠠᠭᠤᠷᠢ᠍ᠨ ᠳᠡᠭᠡᠷ᠎ᠠ ᠪᠠᠢ᠌ᠭᠤᠯᠬᠤ ᠶᠠᠪᠤᠳ᠋ᠠᠯ ᠪᠤᠯᠤᠨ᠎ᠠ᠃

                  

               ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠡᠴᠡ ᠪᠢᠯᠸᠲ ᠦᠭ᠍ᠴᠦ ᠪᠠᠳ᠋ᠤᠯᠠᠬᠤ ᠲᠦ᠋ᠷᠢ᠍ᠮ ᠤᠨ ᠠᠵᠢ᠍ᠯ ᠢ ᠦᠨᠡᠨᠬᠦ ᠰᠠᠢ᠌ᠳ᠋ᠤᠷ ᠬᠢᠬᠦ ᠶᠢᠨ ᠲᠦ᠋ᠯᠦᠭᠡ᠂ ᠡᠨᠡ ᠵᠢᠯ ᠦᠯᠵᠡᠢ᠌ᠮᠦᠢ᠍ᠷᠡᠨ ᠰᠤᠮᠤ ᠤᠯᠠᠨ ᠲᠦ᠋ᠮᠡᠨ ᠰᠤᠩᠭ᠋ᠤᠨ᠂ ᠠᠷᠠᠳ ᠤᠨ ᠲᠦ᠋ᠯᠦᠭᠡᠯᠡᠭ᠍ᠴᠢ᠍ᠳ ᠡᠴᠡ ᠪᠠᠳ᠋ᠤᠯᠠᠵᠤ᠂ ᠵᠠᠰᠠᠭ ᠤᠨ ᠤᠷᠳ᠋ᠤᠨ ᠬᠦᠢ᠍ᠴᠡᠳᠬᠡᠨ᠂ ᠠᠷᠠᠳ ᠤᠨ ᠲᠦ᠋ᠯᠦᠭᠡᠯᠡᠭ᠍ᠴᠢ᠍ᠳ ᠡᠴᠡ ᠦᠨᠡᠯᠡᠬᠦ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠡᠴᠡ ᠪᠢᠯᠸᠲ ᠦᠭ᠍ᠴᠦ ᠪᠠᠳ᠋ᠤᠯᠠᠬᠤ ᠲᠤᠭᠳ᠋ᠠᠯᠴᠠᠭ᠎ᠠ ᠶᠢ ᠲᠦ᠋ᠯᠬᠢᠨ ᠬᠡᠷᠡᠭ᠍ᠵᠢ᠍ᠭᠦᠯᠵᠦ᠂ ᠤᠯᠠᠨ ᠲᠦ᠋ᠮᠡᠨ ᠦ ᠰᠠᠨᠠᠭ᠎ᠠ ᠰᠡᠳᠬᠢᠯ ᠶᠢᠡᠷ ᠠᠵᠢ᠍ᠯ ᠶᠠᠪᠤᠳ᠋ᠠᠯ ᠬᠢᠬᠦ ᠵᠠᠷᠴᠢ᠍ᠮ ᠢ ᠪᠠᠷᠢ᠍ᠮᠳ᠋ᠠᠯᠠᠨ᠂ ᠲᠦ᠋ᠷᠦᠯ ᠵᠦ᠋ᠢ᠍ᠯ ᠢ ᠬᠤᠷᠠᠮᠳ᠋ᠤᠭᠤᠯᠬᠤ᠂ᠠᠩᠬ᠎ᠠ ᠠᠯᠬᠤᠮ ᠲᠤᠭᠳ᠋ᠠᠭᠠᠬᠤ᠂ ᠪᠢᠯᠸᠲ ᠦᠭ᠍ᠴᠦ ᠰᠢ᠌ᠳᠪᠦᠷᠢ᠍ᠯᠡᠬᠦ ᠵᠡᠷᠭᠡ ᠭᠤᠭᠴᠤᠭ᠎ᠠ ᠨᠢ ᠲᠦ᠋ᠭᠡᠮᠡᠯ ᠴᠢ᠍ᠨᠠᠷ᠂ ᠨᠡᠢ᠌ᠳ᠋ᠠ ᠶᠢᠨ ᠠᠰᠢ᠍ᠭᠳ᠋ᠤ ᠴᠢ᠍ᠨᠠᠷ ᠦᠨ ᠠᠷᠠᠳ ᠤᠨ ᠠᠮᠢ᠍ᠳ᠋ᠤᠷᠠᠯ ᠤᠨ ᠲᠦ᠋ᠷᠦᠯ ᠵᠦ᠋ᠢ᠍ᠯ ᠪᠤᠯᠬᠤ ᠶᠢ ᠬᠦᠢ᠍ᠴᠡᠳ ᠪᠤᠳ᠋ᠤᠯᠬᠢᠯᠠᠭᠰᠠᠨ ᠪᠠᠢ᠌ᠨ᠎ᠠ᠃

                 

               ᠪᠤᠷᠤᠭᠠᠨ ᠤ ᠤᠯᠠᠷᠢ᠍ᠯ ᠪᠤᠯᠬᠤ ᠪᠦᠷᠢ᠂ ᠠᠭᠤᠯᠠᠨ ᠦᠶᠠᠷ ᠡᠭᠦᠰᠦᠨ ᠪᠠᠶᠠᠨᠳ᠋ᠠᠯ᠎ᠠ ᠰᠤᠮᠤ ᠶᠢᠨ ᠳ᠋ᠧ ᠹᠦ ᠲᠦ᠋ᠨ ᠲᠤᠰᠬᠤᠨ ᠤ ᠤᠯᠠᠨ ᠲᠦ᠋ᠮᠡᠨ ᠦ ᠠᠮᠢ ᠨᠠᠰᠤ ᠡᠳ᠋ ᠬᠤᠭᠰᠢ᠍ᠯ ᠤᠨ ᠠᠮᠤᠷ ᠲᠦ᠋ᠪᠰᠢ᠍ᠨ ᠢ ᠭᠦᠨᠳ᠋ᠤ ᠨᠤᠴᠢ᠍ᠲᠠᠢ ᠰᠦ᠋ᠷᠳ᠋ᠡᠬᠦᠯᠵᠤ᠂ ᠲᠤᠰᠬᠤᠨ ᠤ ᠠᠷᠠᠳ ᠤᠨ ᠬᠡᠪ ᠦᠨ ᠦᠢ᠍ᠯᠡᠳᠪᠦᠷᠢ᠍ᠯᠡᠯ ᠠᠮᠢ᠍ᠳ᠋ᠤᠷᠠᠯ ᠢ ᠨᠦ᠋ᠯᠦᠭᠡᠯᠡᠵᠤ ᠪᠠᠢ᠌ᠯ᠎ᠠ᠃ ᠡᠭᠦᠨ ᠦ ᠲᠦ᠋ᠯᠦᠭᠡ ᠪᠠᠶᠠᠨᠳ᠋ᠠᠯ᠎ᠠ ᠰᠤᠮᠤ  ᠲᠤᠬᠠᠢ ᠶᠢᠨ ᠭᠠᠵᠠᠷ ᠲᠤ ᠨᠢ ᠪᠠᠢ᠌ᠴᠠᠭᠠᠨ ᠦᠵᠡᠬᠦ᠂ ᠲᠤᠰᠬᠤᠨ ᠤ ᠠᠷᠠᠳ ᠤᠨ ᠲᠦ᠋ᠯᠦᠭᠡᠯᠡᠭ᠍ᠴᠢ ᠶᠢᠨ ᠬᠤᠷᠠᠯ ᠬᠤᠷᠠᠯᠳ᠋ᠤᠭᠤᠯᠬᠤ ᠵᠡᠷᠭᠡ ᠬᠡᠯᠪᠡᠷᠢ ᠪᠡᠷ ᠳᠠᠮᠵᠢ᠍ᠨ᠂ ᠲᠤᠰᠬᠤᠨ ᠤ ᠦᠶᠡᠷ ᠢ ᠬᠠᠮᠠᠭᠠᠯᠠᠬᠤ ᠬᠠᠰᠢ᠍ᠯᠭ᠎ᠠ ᠶᠢ ᠵᠠᠰᠠᠨ ᠪᠠᠢ᠌ᠭᠤᠯᠬᠤ ᠶᠢ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠳᠤ ᠤᠷᠤᠭᠤᠯᠬᠤ ᠪᠡᠷ ᠪᠤᠯᠵᠤ᠂ ᠰᠤᠮᠤ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠳᠡᠭᠡᠷ᠎ᠠ ᠠᠷᠠᠳ ᠤᠨ ᠲᠦ᠋ᠯᠦᠭᠡᠯᠡᠭ᠍ᠴᠢ᠍ᠳ ᠡᠴᠡ ᠪᠢᠯᠸᠲ ᠦᠭ᠍ᠴᠦ ᠪᠠᠳ᠋ᠤᠯᠠᠨ ᠵᠦ᠋ᠪᠰᠢ᠍ᠶᠠᠷᠡᠵᠤ᠂ ᠤᠯᠡᠨ ᠲᠦ᠋ᠮᠡᠨ ᠦ ᠤᠯᠤᠯᠳ᠋ᠡ ᠶᠢᠨ ᠰᠡᠳᠬᠢᠯᠬᠡ ᠶᠢ ᠦᠨᠡᠨ ᠪᠤᠳ᠋ᠠᠳ᠋ᠠᠢ ᠪᠡᠷ ᠨᠡᠮᠡᠭ᠍ᠳ᠋ᠡᠭᠦᠯᠵᠦ᠂ ᠠᠷᠠᠳ ᠤᠨ ᠰᠡᠳᠬᠢᠯ ᠢ ᠭᠦᠢ᠍ᠴᠡᠳ ᠲᠤᠰᠬᠠᠭᠰᠠᠨ ᠪᠠᠢ᠌ᠨ᠎ᠠ᠃

             ᠦᠨᠦ ᠵᠢᠯ᠂ ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠡᠴᠡ ᠪᠢᠯᠸᠲ ᠦᠭ᠍ᠴᠦ ᠪᠠᠳ᠋ᠤᠯᠠᠬᠤ ᠲᠦ᠋ᠷᠢ᠍ᠮ ᠤᠨ ᠠᠵᠢ᠍ᠯ ᠢ ᠳᠡᠭᠡᠳ᠋ᠤ ᠬᠡᠮᠵᠢ᠍ᠶ᠎ᠠ ᠪᠡᠷ ᠴᠢ᠍ᠬᠤᠯᠠᠴᠢ᠍ᠯᠠᠨ ᠦᠵᠡᠵᠤ᠂ ᠪᠢᠯᠸᠲ ᠦᠭ᠍ᠴᠦ ᠪᠠᠳ᠋ᠤᠯᠠᠬᠤ ᠲᠦ᠋ᠷᠢ᠍ᠮ ᠤᠨ ᠠᠵᠢ᠍ᠯ ᠦᠨ ᠠᠷᠠᠳᠴᠢ᠍ᠯᠠᠯᠳ᠋ᠤ ᠴᠢ᠍ᠨᠠᠷ᠂ ᠬᠠᠮᠳ᠋ᠤ ᠡᠳ᠋ᠯᠡᠬᠦ ᠴᠢ᠍ᠨᠠᠷ ᠪᠠ ᠠᠷᠠᠳ ᠤᠨ ᠠᠮᠢ᠍ᠳ᠋ᠤᠷᠠᠯᠳ᠋ᠤ ᠴᠢ᠍ᠨᠠᠷ ᠢ ᠬᠦᠢ᠍ᠴᠡᠳ ᠲᠤᠰᠬᠠᠬᠤ ᠤᠨᠴᠠᠯᠢ᠍ᠭ ᠢ ᠦᠨᠳ᠋ᠦᠰᠦᠯᠡᠨ᠂ ᠡᠯ᠎ᠠ ᠰᠤᠮᠤ ᠪᠠᠯᠭᠠᠰᠤ ᠶᠢᠨ ᠠᠷᠠᠳ ᠤᠨ ᠲᠦ᠋ᠯᠦᠭᠡᠯᠡᠭ᠍ᠴᠢ᠍ᠳ ᠤᠨ ᠶᠡᠭᠡ ᠬᠤᠷᠠᠯ ᠡᠴᠡ ᠯᠠᠪᠳ᠋ᠠᠭᠤᠨ ᠪᠠᠳ᠋ᠤᠳ᠋ᠠᠢ ᠪᠡᠷ ᠠᠵᠢ᠍ᠯ ᠦᠷᠨᠢᠭᠦᠯᠵᠤ᠂ ᠪᠢᠯᠸᠲ ᠦᠭ᠍ᠴᠦ ᠪᠠᠳ᠋ᠤᠯᠠᠬᠤ ᠲᠦ᠋ᠷᠢ᠍ᠮ ᠤᠨ ᠡᠯ᠎ᠠ ᠭᠤᠭᠴᠤᠭ᠎ᠠ ᠶᠢᠨ ᠠᠵᠢ᠍ᠯ ᠪᠦᠷ ᠡᠮᠬᠢ ᠲᠢ᠍ᠭᠯᠢ᠍ᠮ ᠲᠡᠶ ᠶᠠᠪᠤᠭᠳ᠋ᠠᠭᠰᠠᠨ ᠪᠠᠢ᠌ᠨ᠎ᠠ᠃ (ᠳᠠᠯᠠᠢ)

ᠡᠮᠦᠨᠡᠬᠢ᠄ ᠬᠤᠰᠢ᠍ᠭᠤᠨ ᠤ ᠠᠷᠠᠳ ᠤᠨ ᠳᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠡᠭ᠍ᠭᠤ ᠶᠢᠨ ᠬᠤᠷᠢ᠍ᠶ᠎ᠠ ᠡᠴᠡ ᠮᠠᠨ ᠤ ᠬᠤᠰᠢ᠍ᠭᠤᠨ ᠳᠤ ᠬᠠᠣᠯᠢ ᠬᠡᠷᠡᠭᠵᠢᠭᠦᠯᠦᠯᠲᠡ ᠶᠢᠨ ᠪᠠᠢ᠌ᠴᠠᠭᠠᠯᠳ᠋ᠠ ᠥᠷᠨᠢᠭᠦᠯᠦᠭᠰᠡᠨ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠠᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠡᠴᠡ ᠬᠤᠰᠢ᠍ᠭᠤᠨ ᠤ ᠠᠷᠠᠳ ᠤᠨ ᠪᠠᠢ᠌ᠴᠠᠭᠠᠬᠤ ᠬᠤᠷᠢ᠍ᠶᠠᠨ ᠤ《 ᠪᠦᠬᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠡᠷᠡᠭᠦᠤ ᠶᠢᠨ ᠵᠠᠷᠭᠤ ᠶᠢᠨ ᠬᠠᠤᠯᠢ 》᠊ ᠶᠢ ᠭᠦᠢᠴᠡᠳᠭᠡᠨ ᠬᠡᠷᠡᠭᠵᠢᠭᠦᠯᠦᠭᠰᠡᠨ ᠪᠠᠢᠳᠠᠯ ᠢ ᠪᠠᠢᠴᠠᠭᠠᠨ ᠰᠤᠳᠤᠯᠤᠭᠰᠠᠨ