ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠡᠴᠨ ᠨᠠᠮ ᠤᠨ ᠭᠡᠰᠢᠬᠦᠨ ᠺᠠᠳ᠋ᠷ ᠢ ᠵᠤᠬᠢᠶᠠᠨ ᠪᠠᠢᠭᠤᠯᠵᠤ᠂《ᠨᠠᠮ ᠵᠠᠰᠠᠭ ᠤᠨ ᠤᠳᠤᠷᠢᠳᠬᠤ ᠺᠠᠳ᠋ᠷ ᠢ ᠬᠢᠨᠠᠨ ᠰᠢᠯᠭᠠᠬᠤ ᠠᠵᠢᠯ ᠤᠨ ᠲᠦᠷᠢᠮ》᠋ ᠢ ᠰᠤᠷᠤᠯᠴᠠᠭᠰᠨᠨ ᠨᠢ
5 ᠰᠠᠷ᠎ᠠ ᠶᠢᠨ17᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠡᠴᠨ ᠰᠢᠨ᠎ᠡ ᠪᠡᠷ ᠵᠠᠰᠠᠨ ᠨᠠᠢᠷᠠᠭᠤᠯᠤᠭᠰᠨᠨ《ᠨᠠᠮ ᠵᠠᠰᠠᠭ ᠤᠨ ᠤᠳᠤᠷᠢᠳᠬᠤ ᠺᠠᠳ᠋ᠷ ᠢ ᠬᠢᠨᠠᠨ ᠰᠢᠯᠭᠠᠬᠤ ᠠᠵᠢᠯ ᠤᠨ ᠲᠦᠷᠢᠮ》᠋ ᠢ ᠲᠦᠪᠯᠡᠷᠡᠨ ᠰᠤᠷᠤᠯᠴᠠᠭᠰᠨᠨ ᠪᠠᠢᠨ᠎ᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠤᠨ ᠱᠦᠵᠢ ᠯᠢ ᠴᠸᠩ ᠬᠦᠸᠸ ᠬᠤᠷᠠᠯ ᠡᠷᠬᠢᠯᠡᠵᠤ᠂ ᠪᠦᠬᠦ ᠺᠠᠳ᠋ᠷ ᠠᠵᠢᠯᠳᠠᠨ ᠬᠤᠷᠠᠯ ᠳᠤ ᠤᠷᠤᠯᠴᠠᠪᠠ᠃

ᠬᠤᠷᠠᠯ ᠡᠴᠨ ᠰᠢᠨ᠎ᠡ ᠭᠡᠪᠯᠡᠭᠰᠨᠨ《ᠨᠠᠮ ᠵᠠᠰᠠᠭ ᠤᠨ ᠤᠳᠤᠷᠢᠳᠬᠤ ᠺᠠᠳ᠋ᠷ ᠢ ᠬᠢᠨᠠᠨ ᠰᠢᠯᠭᠠᠬᠤ ᠠᠵᠢᠯ ᠤᠨ ᠲᠦᠷᠢᠮ》᠋ ᠲᠠᠢ ᠬᠠᠷᠭᠤᠭᠤᠯᠤᠨ᠂ ᠬᠢᠨᠠᠨ ᠰᠢᠯᠭᠠᠯᠳᠠ ᠶᠢᠨ ᠠᠭᠤᠯᠭ᠎ᠠ᠂ ᠶᠡᠷᠤ ᠶᠢᠨ ᠴᠠᠭ ᠤᠨ ᠬᠢᠨᠠᠨ ᠰᠢᠯᠭᠠᠯᠳᠠ᠂ ᠵᠢᠯ ᠤᠨ ᠡᠴᠤᠰ ᠤᠨ ᠬᠢᠨᠠᠨ ᠰᠢᠯᠭᠠᠯᠳᠠ᠂ ᠲᠤᠰᠬᠠᠢ ᠲᠦᠷᠤᠯ ᠤᠨ ᠬᠢᠨᠠᠨ ᠰᠢᠯᠭᠠᠯᠳᠠ᠂ ᠲᠤᠰᠢᠶᠠᠯ ᠤᠨ ᠬᠤᠭᠤᠴᠠᠭ᠎ᠠ ᠶᠢᠨ ᠬᠢᠨᠠᠨ ᠰᠢᠯᠭᠠᠯᠳᠠ᠂ ᠬᠢᠨᠠᠨ ᠰᠢᠯᠭᠠᠯᠳᠠ ᠶᠢᠨ ᠦᠷ᠎ᠠ ᠳ᠋ᠦ᠋ᠩ ᠢ ᠲᠤᠭᠳᠠᠭᠠᠬᠤ᠂ ᠬᠢᠨᠠᠨ ᠰᠢᠯᠭᠠᠯᠳᠠ ᠶᠢᠨ ᠦᠷ᠎ᠠ ᠳ᠋ᠦ᠋ᠩ ᠢ ᠭᠡᠷᠡᠭᠵᠢᠬᠦᠯᠬᠦ᠂ ᠵᠤᠬᠢᠶᠠᠨ ᠪᠠᠢᠭᠤᠯᠤᠨ ᠭᠡᠷᠡᠭᠵᠢᠬᠦᠯᠬᠦ᠂ ᠰᠠᠬᠢᠯᠭ᠎ᠠ ᠪᠠᠳᠤ ᠪᠠ ᠬᠢᠨᠠᠯᠳᠠ ᠵᠡᠷᠭᠡ ᠲᠠᠯ᠎ᠠ ᠪᠡᠷ ᠨᠠᠷᠢᠨ ᠲᠤᠳᠤᠷᠬᠠᠢ ᠤᠩᠰᠢᠨ ᠵᠠᠳᠠᠯᠤᠭᠰᠨᠨ ᠪᠠᠢᠨ᠎ᠡ᠃

ᠬᠤᠷᠠᠯ ᠡᠴᠨ ᠴᠢᠩᠭᠠᠳᠭᠠᠭᠰᠨᠨ ᠨᠢ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠠᠵᠢᠯᠳᠠᠠ ᠡᠴᠨ ᠰᠢᠨ᠎ᠡ ᠪᠡᠷ ᠵᠠᠰᠠᠨ ᠨᠠᠢᠷᠠᠭᠤᠯᠤᠭᠰᠨᠨ《ᠨᠠᠮ ᠵᠠᠰᠠᠭ ᠤᠨ ᠤᠳᠤᠷᠢᠳᠬᠤ ᠺᠠᠳ᠋ᠷ ᠢ ᠬᠢᠨᠠᠨ ᠰᠢᠯᠭᠠᠬᠤ ᠠᠵᠢᠯ ᠤᠨ ᠲᠦᠷᠢᠮ》᠋ ᠢ ᠰᠤᠷᠤᠯᠴᠠᠨ ᠲᠤᠭᠤᠰᠢᠯᠠᠭᠤᠯᠬᠤ ᠶᠢ ᠦᠪᠡᠷ ᠤᠨ ᠪᠠᠶ᠎ᠠ ᠶᠢᠨ ᠪᠦᠳᠤᠭᠡᠨ ᠪᠠᠢᠭᠤᠯᠤᠯᠳᠠ ᠪᠠᠨ ᠴᠢᠩᠭᠠᠳᠭᠠᠬᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠲᠤᠬᠠᠢᠯᠠᠭᠰᠨᠨ ᠠᠵᠢᠯ ᠲᠠᠢ ᠤᠶᠠᠯᠳᠤᠭᠤᠯᠬᠤ ᠭᠡᠷᠡᠭᠳᠡᠢ᠃ ᠤᠯᠤᠰ ᠲᠦᠷᠤ ᠶᠢᠨ ᠵᠤᠭᠰᠤᠴᠨ᠂ ᠤᠯᠤᠰ ᠲᠦᠷᠤ ᠶᠢᠨ ᠴᠢᠭᠯᠡᠯ᠂ ᠤᠯᠤᠰ ᠲᠦᠷᠤ ᠶᠢᠨ ᠵᠠᠷᠴᠢᠮ᠂ ᠤᠯᠤᠰ ᠲᠦᠷᠤ ᠶᠢᠨ ᠵᠠᠮ ᠲᠠᠭᠡᠷ᠎ᠠ ᠢᠮᠠᠭᠳᠠ ᠰᠢ ᠵᠢᠨ ᠫᠢᠩ ᠨᠦᠬᠦᠷ ᠶᠢᠠᠷ ᠲᠦᠪ ᠪᠤᠯᠭᠠᠭᠰᠨᠨ ᠨᠠᠮ ᠤᠨ ᠲᠦᠪ ᠬᠤᠷᠢᠶ᠎ᠠ ᠲᠠᠢ ᠲᠠᠭᠡᠳᠤ ᠭᠡᠮᠵᠢᠶ᠎ᠠ ᠪᠡᠷ ᠨᠢᠭᠡᠳᠤᠯᠳᠠᠢ ᠪᠠᠢᠵᠤ᠂ ᠦᠪᠡᠷ ᠤᠨ ᠲᠤᠬᠠᠢᠯᠠᠭᠰᠨᠨ ᠠᠵᠢᠯ ᠤᠨ ᠴᠢᠳᠠᠪᠤᠷᠢ ᠪᠠᠨ ᠴᠢᠷᠮᠠᠢᠨ ᠲᠠᠭᠡᠭᠰᠢᠯᠡᠬᠦᠯᠤᠨ᠂ ᠰᠢᠨ᠎ᠡ ᠴᠠᠭ ᠦᠶ᠎ᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠢᠯᠢᠳᠡᠭ ᠺᠠᠳ᠋ᠷ ᠪᠤᠯᠬᠤ ᠪᠡᠷ ᠴᠢᠷᠮᠠᠢᠬᠤ ᠭᠡᠷᠡᠭᠳᠡᠢ ᠭᠡᠵᠡᠢ᠃