ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠵᠣᠣ ᠪᠠᠢ ᠢᠦᠢ ᠮᠠᠨ ᠤ ᠬᠤᠰᠢ᠍ᠭᠤᠨ ᠳᠤ ᠢᠷᠡᠵᠤ ᠠᠵᠢ᠍ᠯ ᠪᠠᠢ᠌ᠴᠠᠭᠠᠭᠰᠠᠨ

5ᠰᠠᠷ᠎ᠠ ᠶᠢᠨ21᠊ ᠤ ᠡᠳ᠋ᠦᠷ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠵᠤᠤ ᠪᠠᠢ ᠢᠦᠢ ᠮᠠᠨ ᠤ ᠬᠤᠰᠢ᠍ᠭᠤᠨ ᠳᠤ ᠢᠷᠡᠵᠤ ᠶᠠᠳ᠋ᠠᠭᠤ ᠡᠴᠡ ᠠᠩᠭᠢᠵᠢ᠍ᠷᠠᠭᠤᠯᠬᠤ ᠪᠡᠬᠢᠯᠡᠯᠳ᠋ᠡ ᠰᠢ᠍ᠪᠲᠤᠯᠬᠤ ᠲᠤᠰᠬᠠᠢ ᠲᠦ᠋ᠷᠦᠯ ᠦᠨ ᠲᠤᠭᠤᠷᠢ᠍ᠨ ᠪᠠᠢ᠌ᠴᠠᠭᠠᠵᠤ ᠴᠡᠭ᠍ᠴᠡᠯᠡᠨ ᠵᠠᠰᠠᠬᠤ ᠠᠵᠢ᠍ᠯ ᠢ ᠪᠠᠢ᠌ᠴᠠᠭᠠᠨ ᠵᠢᠯᠤᠭᠤᠳᠪᠠ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠦᠷᠡᠪᠠᠳ᠋ᠤ ᠵᠢᠴᠢ ᠬᠤᠳ᠋ᠠ ᠬᠤᠰᠢ᠍ᠭᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠭᠤᠯᠭ᠎ᠠ ᠶᠢᠨ ᠬᠠᠮᠢ᠍ᠶ᠎ᠠ ᠪᠦᠬᠦᠢ ᠬᠠᠷᠢ᠍ᠭᠤᠴᠠᠯᠭᠠᠲᠠᠨ ᠪᠠᠷ᠎ᠠ ᠪᠤᠯᠤᠨ ᠪᠠᠢ᠌ᠴᠠᠭᠠᠪᠠ᠃

ᠵᠤᠤ ᠪᠠᠢ ᠢᠦᠢ ᠨᠡᠷ ᠤᠷᠢ᠍ᠳ ᠬᠤᠵᠢ᠍ᠳ ᠰᠢ᠍ᠶᠠᠩᠱᠠᠨ ᠲᠠᠷᠢ᠍ᠶᠠᠯᠠᠩ ᠤᠨ ᠲᠠᠯᠠᠪᠠᠢ᠂ ᠦᠨᠡᠭᠡᠴᠢ ᠮᠠᠯᠵᠢ᠍ᠯ ᠤᠨ ᠲᠠᠯᠠᠪᠡᠢ ᠳᠤ ᠬᠦᠷᠴᠦ᠂ ᠭᠠᠴᠠᠭ᠎ᠠ ᠳᠤ ᠰᠠᠭᠤᠭ᠎ᠠ ᠠᠵᠢ᠍ᠯᠯᠠᠬᠤ ᠠᠩᠬᠢ ᠶᠢᠨ ᠠᠮᠢ᠍ᠳ᠋ᠤᠷᠠᠯ ᠪᠠ ᠠᠵᠢ᠍ᠯ ᠦᠷᠨᠢᠭᠦᠯᠵᠤ ᠪᠠᠢ᠌ᠭ᠎ᠠ ᠪᠠᠢ᠌ᠳ᠋ᠠᠯ ᠪᠤᠯᠤᠨ ᠬᠤᠷᠰᠢ᠍ᠶᠠᠵᠢ᠍ᠯ ᠤᠨ ᠲᠠᠷᠢ᠍ᠶᠠᠯᠠᠩ ᠤᠨ ᠪᠦᠲᠦᠭᠡᠭ᠍ᠳ᠋ᠡᠬᠦᠨ ᠦ ᠡᠵᠡᠩᠨᠡᠯᠳ᠋ᠡ ᠶᠢᠨ ᠪᠠᠢ᠌ᠳ᠋ᠠᠯ ᠢ ᠨᠠᠷᠢ᠍ᠯᠢ᠍ᠭ ᠤᠢ᠌ᠯᠠᠭᠠᠭᠰᠠᠨ ᠪᠠᠢ᠌ᠨ᠎ᠠ᠃

ᠪᠤᠳ᠋ᠠᠳ᠋ᠠᠢ ᠭᠠᠵᠠᠷ ᠤᠨ ᠪᠠᠢ᠌ᠴᠠᠭᠠᠯᠳ᠋ᠠ ᠳᠠᠭᠤᠰᠤᠭᠰᠠᠨ ᠤ ᠳᠠᠷᠠᠭ᠎ᠠ ᠰᠠᠭᠤᠳ᠋ᠠᠯ ᠤᠨ ᠬᠤᠷᠠᠯ ᠬᠤᠷᠠᠯᠳ᠋ᠤᠭᠤᠯᠵᠤ᠂ ᠰᠢ᠍ᠶᠠᠩᠱᠠᠨ ᠲᠠᠷᠢ᠍ᠶᠠᠯᠠᠩ ᠤᠨ ᠲᠠᠯᠠᠪᠠᠢ᠂ ᠦᠨᠡᠭᠡᠴᠢ ᠮᠠᠯᠵᠢ᠍ᠯ ᠤᠨ ᠲᠠᠯᠠᠪᠡᠢ ᠶᠢᠨ ᠬᠠᠷᠢ᠍ᠭᠤᠴᠠᠯᠭᠠᠳ᠋ᠠᠨ ᠤ ᠬᠠᠷᠢ᠍ᠭᠤ ᠮᠡᠳ᠋ᠡᠬᠦᠯᠦᠯᠳ᠋ᠡ ᠶᠢ ᠰᠤᠨᠤᠰᠪᠠ᠃
ᠵᠤᠤ ᠪᠠᠢ ᠢᠦᠢ ᠡᠴᠡ ᠮᠠᠨ ᠤ ᠬᠤᠰᠢ᠍ᠭᠤᠨ ᠤ ᠶᠠᠳ᠋ᠠᠭᠤ ᠡᠴᠡ ᠠᠡᠭ᠍ᠭᠢᠵᠢ᠍ᠷᠠᠭᠤᠯᠣᠨ ᠪᠡᠬᠢᠯᠡᠯᠳ᠋ᠡ ᠰᠢ᠍ᠪᠳ᠋ᠣᠯᠬᠤ ᠳᠣᠰᠬᠠᠢ ᠳᠦ᠋ᠷᠦᠯ ᠤᠨ ᠴᠡᠭ᠍ᠴᠡᠯᠡᠨ ᠵᠠᠰᠠᠬᠤ ᠠᠵᠢ᠍ᠯ ᠳ᠋ᠥ ᠭᠦᠢ᠍ᠴᠡᠳ ᠨᠤᠳ᠋ᠠᠯᠠᠯᠳ᠋ᠠ ᠦᠭ᠍ᠪᠡ᠃ ᠵᠣᠣ ᠪᠠᠢ ᠢᠦᠢ ᠵᠢᠭᠠᠵᠤ ᠭᠠᠷᠭᠠᠭᠰᠠᠨ ᠨᠢ᠂ ᠡᠯ᠎ᠠ ᠭᠠᠵᠠᠷ ᠡᠯ᠎ᠠ ᠰᠠᠯᠠᠭ᠎ᠠ ᠮᠦ᠋ᠴᠢ᠍ᠷ ᠤᠨ ᠬᠢᠨ ᠡᠷᠬᠡᠪᠰᠢ ᠬᠤᠳ᠋ᠠ ᠶᠢᠨ ᠨᠠᠮ ᠤᠨ ᠬᠤᠷᠢ᠍ᠶ᠎ᠠ ᠶᠢᠨ ᠳᠣᠭᠤᠷᠢ᠍ᠨ ᠪᠠᠢ᠌ᠴᠠᠭᠠᠵᠤ ᠴᠡᠭ᠍ᠴᠡᠯᠡᠨ ᠵᠠᠰᠠᠬᠤ ᠠᠵᠢ᠍ᠯ ᠤᠨ ᠪᠠᠢ᠌ᠷᠢ᠍ᠯᠠᠭᠤᠯᠣᠯᠳ᠋ᠠ ᠱᠠᠭᠠᠷᠳ᠋ᠠᠯᠭ᠎ᠠ ᠶᠣᠰᠣᠭᠠᠷ᠂ ᠳᠣᠭᠤᠷᠢ᠍ᠨ ᠪᠠᠢ᠌ᠴᠠᠭᠠᠵᠤ ᠴᠡᠭ᠍ᠴᠡᠯᠡᠨ ᠵᠠᠰᠠᠬᠤ ᠠᠵᠢ᠍ᠯ ᠢ ᠦᠨᠳ᠋ᠦᠷ ᠴᠢ᠍ᠨᠠᠷ ᠴᠢ᠍ᠨᠰᠠᠭ᠎ᠠ ᠦᠨᠳ᠋ᠦᠷ ᠪᠠᠷᠢ᠍ᠮᠵᠢ᠍ᠶ᠎ᠠ ᠲᠡᠶ ᠪᠠᠷ ᠭᠦᠢ᠍ᠴᠡᠳᠭᠡᠬᠦ ᠬᠡᠷᠡᠭ᠍ᠳ᠋ᠠᠢ᠃ ᠡᠷᠬᠡᠪᠰᠢ ᠣᠯᠣᠰ ᠳᠦ᠋ᠷᠦ ᠶᠢᠨ ᠵᠤᠭᠰᠣᠴᠠ ᠪᠠᠨ ᠳᠡᠭᠡᠭ᠍ᠰᠢ᠍ᠯᠡᠬᠦᠯᠦᠨ᠂ ᠬᠤᠪᠢ ᠪᠡᠶ᠎ᠠ ᠶᠢᠨ ᠴᠡᠭ᠍ᠴᠡᠯᠡᠨ ᠵᠠᠰᠠᠬᠤ ᠠᠵᠢ᠍ᠯ ᠳᠣᠮᠳ᠋ᠠᠬᠢ ᠵᠤᠭᠰᠣᠴᠠ ᠪᠠᠨ ᠣᠨᠣᠪᠴᠢ᠍ᠳ᠋ᠠᠢ ᠡᠷᠢ᠍ᠵᠤ᠂ ᠴᠡᠭ᠍ᠴᠡᠯᠡᠨ ᠵᠠᠰᠠᠬᠤ ᠬᠠᠷᠢ᠍ᠭᠤᠴᠠᠯᠭ᠎ᠠ ᠪᠠᠨ ᠬᠢᠨᠠᠮᠠᠭᠠᠢ ᠭᠦᠢ᠍ᠴᠡᠳᠭᠡᠵᠤ᠂ ᠠᠵᠢ᠍ᠯ ᠪᠠᠨ ᠴᠢ᠍ᠡᠭ᠍ᠭᠠ ᠪᠤᠳ᠋ᠠᠳ᠋ᠠᠢ ᠰᠠᠢ᠌ᠳ᠋ᠣᠷ ᠠᠳᠬᠣᠬᠣ ᠬᠡᠷᠡᠭ᠍ᠳ᠋ᠠᠢ᠃ ᠡᠷᠬᠡᠪᠰᠢ ᠬᠤᠳ᠋ᠠ ᠶᠢᠨ ᠨᠠᠮ ᠤᠨ ᠬᠤᠷᠢ᠍ᠶ᠎ᠠ ᠶᠢᠨ ᠳᠣᠭᠤᠷᠢ᠍ᠨ ᠪᠠᠢ᠌ᠴᠠᠭᠠᠵᠤ ᠴᠡᠭ᠍ᠴᠡᠯᠡᠨ ᠵᠠᠰᠠᠬᠤ ᠠᠵᠢ᠍ᠯ ᠢ ᠰᠠᠢ᠌ᠳ᠋ᠣᠷ ᠠᠳᠬᠣᠬᠣ ᠵᠢ ᠪᠦᠬᠦ ᠳᠠᠯ᠎ᠠ ᠪᠠᠷ ᠨᠠᠮ ᠢ ᠴᠢ᠍ᠡᠭ᠍ᠭᠠ ᠵᠠᠰᠠᠬᠤ ᠵᠢ ᠳᠦ᠋ᠯᠬᠢᠨ ᠠᠬᠢᠭᠤᠯᠬᠤ᠂ ᠦᠨᠳ᠋ᠦᠷ ᠴᠢ᠍ᠨᠠᠷ ᠴᠢ᠍ᠨᠰᠠᠭ᠎ᠠ ᠲᠡᠶ ᠬᠦᠭ᠍ᠵᠢ᠍ᠯᠳ᠋ᠡ ᠵᠢ ᠳᠦ᠋ᠯᠬᠢᠨ ᠠᠬᠢᠭᠤᠯᠬᠤ᠂ ᠠᠷᠠᠳ ᠣᠯᠠᠨ ᠤ ᠰᠠᠢ᠌ᠨ ᠰᠠᠢ᠌ᠬᠠᠨ ᠠᠮᠢ᠍ᠳ᠋ᠣᠷᠠᠯ ᠤᠨ ᠬᠡᠷᠡᠭ᠍ᠴᠡᠭᠡ ᠱᠠᠭᠠᠷᠳ᠋ᠠᠯᠠᠭᠠ ᠵᠢ ᠬᠠᠡᠭ᠍ᠭᠠᠬᠤ ᠲᠡᠶ ᠨᠢ᠍ᠭᠳ᠋ᠠ ᠣᠶᠠᠯᠳ᠋ᠣᠭᠤᠯᠬᠣ ᠬᠡᠷᠡᠭ᠍ᠳ᠋ᠠᠢ᠃ ᠠᠵᠤ ᠦᠢ᠍ᠯᠡᠰ ᠢ ᠰᠣᠳ᠋ᠣᠯᠣᠨ᠂ ᠭᠠᠴᠠᠭ᠎ᠠ ᠳᠣᠰᠬᠣᠨ ᠤ ᠬᠠᠮᠳ᠋ᠣ ᠶᠢᠨ ᠠᠵᠤ ᠠᠬᠤᠢ ᠵᠢ ᠶᠡᠬᠡ ᠬᠦᠴᠦᠨ ᠶᠢᠡᠷ ᠬᠦᠭ᠍ᠵᠢ᠍ᠭᠦᠯᠵᠤ᠂ ᠰᠠᠨᠠᠭᠠᠴᠢ᠍ᠯᠠᠭ᠎ᠠ ᠡᠴᠡ ᠪᠠᠨ ᠬᠠᠷᠢ᠍ᠯᠴᠠᠨ᠂ ᠬᠤᠳ᠋ᠠᠯᠳ᠋ᠣᠭᠠᠴᠢ᠍ᠨ ᠣᠷᠢ᠍ᠵᠤ ᠪᠡᠯᠡ ᠣᠷᠣᠭᠤᠯᠬᠤ ᠬᠦᠴᠦᠯᠡᠴᠡ ᠪᠠᠨ ᠨᠡᠮᠡᠭ᠍ᠳ᠋ᠡᠭᠦᠯᠵᠤ᠂ ᠠᠵᠤ ᠦᠢ᠍ᠯᠡᠰ ᠤᠨ ᠬᠦᠭ᠍ᠵᠢ᠍ᠯᠳ᠋ᠡ ᠪᠠᠷ ᠣᠯᠠᠨ ᠳᠦ᠋ᠮᠡᠨ ᠢ ᠳᠠᠢ᠌ᠴᠢ᠍ᠯᠠᠨ ᠪᠡᠶᠡᠵᠢ᠍ᠯ ᠤᠨ ᠵᠠᠮ ᠶᠢᠡᠷ ᠵᠠᠮᠨᠠᠭᠤᠯᠬᠤ ᠬᠡᠷᠡᠭ᠍ᠳ᠋ᠠᠢ᠃ ᠴᠠᠭ ᠤᠨ ᠪᠠᠢ᠌ᠳ᠋ᠠᠯ ᠳ᠋ᠥ ᠵᠦ᠋ᠪ ᠣᠨᠣᠪᠴᠢ᠍ᠳ᠋ᠠᠢ ᠪᠠᠷ ᠬᠠᠨᠳ᠋ᠣᠵᠣ᠂ ᠶᠠᠳ᠋ᠠᠭᠤ ᠡᠴᠡ ᠠᠡᠭ᠍ᠬᠢᠵᠢ᠍ᠷᠠᠭᠤᠯᠣᠭᠰᠠᠨ ᠤ ᠳᠠᠷᠠᠭᠠᠬᠢ ᠳᠣᠯᠭᠠᠷᠠᠬᠤ ᠪᠠᠢ᠌ᠳ᠋ᠠᠯ ᠢ ᠳᠣᠳ᠋ᠣᠷᠬᠠᠢ ᠲᠠᠨᠢᠵᠤ᠂ ᠳᠣᠬᠠᠢ ᠶᠢᠨ ᠭᠠᠵᠠᠷ ᠤᠨ ᠣᠨᠴᠠᠯᠢ᠍ᠭᠳ᠋ᠣ ᠠᠵᠤ ᠦᠢ᠍ᠯᠡᠰ ᠢ ᠶᠡᠬᠡ ᠬᠦᠴᠦᠨ ᠶᠢᠡᠷ ᠬᠦᠭ᠍ᠵᠢ᠍ᠭᠦᠯᠵᠤ᠂ ᠠᠵᠤ ᠦᠢ᠍ᠯᠡᠰ ᠤᠨ ᠨᠡᠷᠡᠳ᠋ᠣ ᠳᠡᠮᠳ᠋ᠡᠭ᠌ ᠢ ᠡᠭᠦᠳ᠋ᠦᠨ ᠪᠦᠳ᠋ᠦᠭᠡᠵᠤ᠂ ᠶᠠᠳ᠋ᠠᠭᠤ ᠡᠴᠡ ᠠᠡᠭ᠍ᠭᠢᠵᠢ᠍ᠷᠠᠭᠤᠯᠣᠨ ᠪᠡᠬᠢᠯᠡᠯᠳ᠋ᠡ ᠰᠢ᠍ᠪᠳ᠋ᠣᠯᠬᠤ ᠠᠵᠢ᠍ᠯ ᠢ ᠳᠦ᠋ᠯᠬᠢᠨ ᠠᠬᠢᠭᠤᠯᠬᠤ ᠬᠡᠷᠡᠭ᠍ᠳ᠋ᠠᠢ᠃ ᠪᠦᠬᠦ ᠬᠤᠳ᠋ᠠ ᠶᠢᠨ ᠶᠠᠳ᠋ᠠᠭᠤ ᠡᠴᠡ ᠠᠡᠭ᠍ᠭᠢᠵᠢ᠍ᠷᠠᠭᠤᠯᠣᠨ ᠪᠡᠬᠢᠯᠡᠯᠳ᠋ᠡ ᠰᠢ᠍ᠪᠳ᠋ᠣᠯᠬᠣ ᠲᠤᠰᠬᠠᠢ ᠲᠦ᠋ᠷᠦᠯ ᠤᠨ ᠴᠡᠭ᠍ᠴᠡᠯᠡᠨ ᠵᠠᠰᠠᠬᠤ ᠠᠵᠢ᠍ᠯ ᠤᠨ ᠨᠡᠡᠭ᠌ ᠶᠡᠬᠡ ᠦᠷ᠎ᠠ ᠪᠦᠳ᠋ᠦᠮᠵᠢ ᠣᠯᠬᠤ ᠵᠢ ᠳᠦ᠋ᠯᠬᠢᠨ ᠠᠬᠢᠭᠤᠯᠵᠤ᠂ ᠠᠷᠠᠳ ᠳᠦ᠋ᠮᠡᠨ ᠤ ᠬᠠᠨᠤᠮᠵᠢ ᠶᠢᠨ ᠬᠡᠮᠵᠢ᠍ᠶ᠎ᠠ ᠵᠢ ᠳᠠᠰᠣᠷᠠᠯᠳ᠋ᠠ ᠦᠭᠡᠶ ᠨᠡᠮᠡᠭ᠍ᠳ᠋ᠡᠭᠦᠯᠬᠦ ᠬᠡᠷᠡᠭ᠍ᠳ᠋ᠠᠢ ᠭᠡᠵᠠᠢ᠃ (ᠳᠠᠯᠠᠢ)